ᠠᠷᠠᠳ ᠤᠨ ᠡᠳᠦᠷ ᠤᠨ ᠰᠣᠨᠢᠨ ᠤ ᠭᠠᠳᠠᠭᠠᠳᠤ ᠬᠡᠪᠯᠡᠯ᠄ ᠭᠤᠸᠠᠩᠰᠢ ᠶᠢᠨ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠤᠰᠤᠯᠠᠯᠲᠠ ᠶᠢᠨ ᠢᠨᠵᠧᠨᠧᠷᠢᠩ ᠡᠬᠢᠯᠡᠪᠡ
ᠨᠡᠶᠢᠲᠡᠯᠡᠭᠰᠡᠨ ᠴᠠᠭ᠄
2022/6/14
    ︽ᠠᠷᠠᠳ ᠤᠨ ᠡᠳᠦᠷ ᠤᠨ ᠰᠣᠨᠢᠨ ᠤ ᠭᠠᠳᠠᠭᠠᠳᠤ ᠬᠡᠪᠯᠡᠯ︾ ︵2022 ᠤᠨ 6 ᠰᠠᠷ᠎ᠠ ᠶᠢᠨ 9 ᠤ ᠡᠳᠦᠷ  02 ᠳ᠋ᠤᠭᠠᠷ ᠬᠡᠪᠯᠡᠯ  ︶      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ ᠫᠠᠨ ᠰᠢᠦᠢ ᠲᠤᠸ︶ ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ  ᠨᠢ᠂ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠤᠰᠤᠯᠠᠯᠲᠠ ᠶᠢᠨ ᠣᠷᠣᠨ ᠤ ᠢᠨᠵᠧᠨᠧᠷᠢᠩ ᠢ ᠣᠶᠢᠷ᠎ᠠ ᠳᠤ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠭᠦᠶ ᠭᠠᠩ ᠬᠤᠲᠠ ᠳᠤ ᠪ᠊ ᠡᠬᠢᠯᠡᠭᠦᠯᠪᠡ᠃ ᠲᠣᠰ ᠲᠥᠷᠥᠯ ᠵᠦᠢᠯ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠨ ᠬᠡᠷᠡᠭᠵᠢᠭᠦᠯᠦᠭᠰᠡᠨ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠢᠭᠡ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 80.08 ᠳ᠋ᠦᠩᠰᠢᠭᠤᠷ ᠲᠥᠭᠦᠷᠢᠭ ᠪᠣᠯᠣᠨ᠎ᠠ᠃      ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠤᠰᠤᠯᠠᠯᠲᠠ ᠶᠢᠨ ᠣᠷᠣᠨ ᠤ ᠲᠥᠯᠥᠪᠯᠡᠭᠰᠡᠨ ᠤᠰᠤᠯᠠᠯᠲᠠ ᠶᠢᠨ ᠲᠠᠯᠠᠪᠠᠢ ᠶᠢ 100.1 ᠲᠦᠮᠡᠨ ᠮᠦ ᠪᠣᠯᠭᠠᠨ᠎ᠠ᠃ ᠢᠨᠵᠧᠨᠧᠷᠢᠩ ᠨᠢ ᠨᠢᠭᠡᠨᠲᠡ ᠪᠠᠶᠢᠭᠤᠯᠤᠭᠰᠠᠨ ᠲᠣᠮᠣ ᠬᠡᠯᠪᠡᠷᠢ ᠶᠢᠨ ᠪᠠ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠠᠰᠢᠭᠯᠠᠨ ᠭᠤᠣᠯ ᠤᠰᠤᠨ ᠰᠤᠷᠪᠤᠯᠵᠢ ᠪᠣᠯᠭᠠᠵᠤ᠂ ᠶᠠᠭ ᠪᠠᠶᠢᠭᠤᠯᠵᠤ ᠪᠠᠶᠢᠭ᠎ᠠ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠬᠦᠢᠰᠦ ᠴᠥᠭᠦᠷᠥᠮ ᠤᠨ ᠣᠷᠣᠨ ᠤ ᠤᠷᠤᠰᠬᠠᠯ ᠠᠴᠠ ᠤᠰᠤ ᠲᠠᠲᠠᠬᠤ ᠪᠠ ᠴᠢᠶᠠᠨ ᠰᠢᠶᠦ᠋ᠨ ᠵᠢᠶᠠᠩ ᠮᠥᠷᠡᠨ ᠠᠴᠠ ᠤᠰᠤ ᠲᠠᠲᠠᠬᠤ ᠪᠠᠷ ᠨᠥᠬᠦᠪᠦᠷᠢ ᠤᠰᠤᠨ ᠰᠤᠷᠪᠤᠯᠵᠢ ᠪᠣᠯᠭᠠᠵᠤ᠂ 652 ᠺᠢᠯᠣᠮᠧᠲᠷ ᠰᠤᠪᠠᠭ ︵ᠬᠤᠭᠤᠯᠠᠢ︶ ᠵᠠᠮ ᠢ ᠰᠢᠨ᠎ᠡ ᠪᠠᠷ ᠪᠠᠶᠢᠭᠤᠯᠵᠤ᠂ 13 ᠰᠠᠭᠤᠷᠢ ᠬᠥᠭᠡᠷᠭᠡ ᠶᠢᠨ ᠥᠷᠲᠡᠭᠡᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.28 ᠲᠦᠮᠡᠨ ᠺᠢᠯᠣᠸᠠᠲ ᠲᠤ ᠰᠢᠨ᠎ᠡ ᠪᠠᠷ ᠪᠠᠶᠢᠭᠤᠯᠤᠨ ᠰᠡᠷᠭᠦᠭᠡᠪᠡ᠃      ᠢᠨᠵᠧᠨᠧᠷᠢᠩ ᠪᠠᠶᠢᠭᠤᠯᠤᠭᠳᠠᠭᠰᠠᠨ ᠤ ᠲᠠᠷᠠᠭ᠎ᠠ᠂ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠤᠰᠤᠯᠠᠯᠲᠠ ᠶᠢᠨ ᠤᠰᠤ ᠬᠠᠩᠭᠠᠬᠤ ᠦᠷ᠎ᠡ ᠠᠰᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠦᠢ ᠭᠠᠩ ᠬᠤᠳᠠ᠂ ᠯᠠᠢ ᠪᠢᠨ ᠬᠤᠳᠠ ᠵᠡᠷᠭᠡ ᠭᠤᠸᠠᠩᠰᠢ ᠶᠢᠨ ᠳᠤᠮᠳᠠ ᠬᠡᠰᠡᠭ ᠤᠨ ᠨᠡᠶᠢᠲᠡᠯᠢᠭ ᠭᠠᠩ ᠬᠠᠭᠤᠷᠠᠢ ᠣᠷᠣᠨ ᠤ ᠭᠤᠣᠯ ᠪᠣᠯᠬᠤ ᠤᠰᠤᠨ ᠠᠰᠢᠭᠯᠠᠯᠲᠠ ᠶᠢᠨ ᠪᠠᠷᠢᠯᠭ᠎ᠠ ᠳᠤᠲᠠᠭᠳᠠᠬᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠪᠠᠲᠤᠯᠠᠭ᠎ᠠ ᠶᠢᠨ ᠨᠤᠷᠮ᠎ᠠ ᠨᠡᠯᠢᠶᠡᠳ ᠳᠣᠣᠷ᠎ᠠ᠂ ᠭᠠᠴᠠᠭ᠎ᠠ ᠪᠠᠯᠭᠠᠰᠤᠨ ᠤ ᠬᠥᠮᠥᠨ ᠮᠠᠯ ᠤᠨ ᠤᠰᠤ ᠬᠡᠷᠡᠭᠯᠡᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠦ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号