ᠤᠰᠤ ᠲᠠᠲᠠᠬᠤ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/6/16
     ᠲᠤᠰ ᠥᠷᠲᠡᠭᠡᠨ ᠤ ᠮᠡᠳᠡᠭᠡ 6 ᠰᠠᠷ᠎ᠠ ᠶᠢᠨ 14 ᠤ ᠡᠳᠦᠷ᠂ ᠤᠰᠤ ᠲᠠᠲᠠᠬᠤ ᠲᠣᠪᠴᠢᠶ᠎ᠠ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠵᠢᠦᠢ ᠯᠢᠶᠠᠨ ᠢ ᠬᠤᠷᠠᠯ ᠢ ᠡᠷᠬᠢᠯᠡᠵᠦ᠂ ᠪᠤᠰᠤᠳ ᠲᠣᠪᠴᠢᠶ᠎ᠠ ᠶᠢᠨ ᠤᠳᠤᠷᠢᠳᠤᠯᠭ᠎ᠠ᠂ ᠡᠯ᠎ᠡ ᠨᠠᠮ ᠤᠨ ᠡᠭᠦᠷ ᠤᠨ ᠱᠦᠵᠢ᠂ ᠡᠯ᠎ᠡ ᠭᠠᠵᠠᠷ ᠤᠨ ᠬᠠᠷᠢᠭᠤᠴᠠᠯᠭᠠᠲᠠᠨ ᠪᠣᠯᠣᠨ ᠵᠠᠯᠠᠭᠤᠴᠤᠳ ᠤᠨ ᠳᠤᠭᠤᠶᠢᠯᠠᠩ ᠤᠨ ᠬᠠᠷᠢᠭᠤᠴᠠᠯᠭᠠᠲᠠᠨ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠮᠤᠨ ᠤ ᠰᠠᠶᠢᠳ ᠯᠢ ᠭᠦᠸᠧ ᠶᠢᠩ ᠤᠨ 6 ᠰᠠᠷ᠎ᠠ ᠶᠢᠨ 2  ᠤᠨ ᠡᠳᠦᠷ  ᠤᠨ ᠤᠰᠤᠨ ᠠᠰᠢᠭᠯᠠᠯᠲᠠ ᠶᠢᠨ ᠶᠠᠮᠤᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠳᠡᠭᠡᠷᠡᠬᠢ ᠶᠠᠷᠢᠶ᠎ᠠ ᠵᠢᠴᠢ 5 ᠰᠠᠷ᠎ᠠ ᠶᠢᠨ 23 ᠤ ᠡᠳᠦᠷ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠤᠲᠠᠰᠤ ᠪᠠᠷ ᠰᠠᠨᠠᠭᠤᠯᠬᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠲᠤᠬᠠᠶᠢᠯᠠᠭᠰᠠᠨ ᠠᠵᠢᠯ ᠤᠨ ᠭᠠᠵᠠᠷ ᠤᠨ  ᠬᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠷᠰᠢᠯᠭ᠎ᠠ ᠪᠠᠨ ᠰᠣᠯᠢᠯᠴᠠᠵᠤ᠂ ᠬᠢᠨᠠᠨ ᠬᠠᠮᠢᠶᠠᠷᠬᠤ ᠬᠡᠷᠡᠭ ᠶᠠᠪᠤᠳᠠᠯ ᠤᠨ ᠭᠠᠵᠠᠷ ᠤᠨ ᠬᠢᠨ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠦᠶᠡᠷᠯᠡᠬᠦ ᠠᠴᠠ ᠡᠮᠦᠨᠡᠬᠢ ᠪᠡᠯᠡᠳᠬᠡᠯ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠮᠤᠷ ᠲᠦᠪᠰᠢᠨ ᠠᠵᠢᠯᠯᠠᠭᠠᠨ ᠢ ᠬᠢᠨᠠᠨ ᠬᠠᠮᠢᠶᠠᠷᠬᠤ ᠠᠰᠠᠭᠤᠳᠠᠯ ᠤᠨ ᠡᠬᠡ ᠲᠠᠩᠰᠠ ᠶᠢ ᠪᠠᠶᠢᠭᠤᠯᠬᠤ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠤᠯᠪᠣᠭᠳᠠᠯ ᠪᠦᠬᠦᠢ ᠠᠵᠢᠯ ᠢ ᠰᠣᠯᠢᠯᠴᠠᠵᠠᠢ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠵᠠᠷ ᠠᠴᠠ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠤᠰᠤᠨ ᠤ ᠴᠢᠨᠠᠷ ᠤᠨ ᠠᠮᠤᠷ ᠲᠦᠪᠰᠢᠨ ᠤ ᠪᠠᠲᠤᠯᠠᠪᠤᠷᠢ ᠶᠢᠨ ᠪᠠᠶᠢᠭᠤᠯᠤᠮᠵᠢ ᠲᠣᠭᠲᠠᠴᠠ ᠶᠢ ᠬᠠᠪᠰᠤᠷᠤᠨ ᠪᠠᠶᠢᠭᠤᠯᠬᠤ ᠪᠠ ᠤᠰᠤᠨ ᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠬᠦ ᠵᠢᠴᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠭᠠᠵᠠᠷ ᠳᠣᠣᠷᠠᠬᠢ ᠤᠰᠤ ᠶᠢ ᠳᠠᠷᠤᠵᠤ ᠮᠠᠯᠲᠠᠬᠤ ᠶᠢ ᠦᠨᠡᠯᠡᠨ ᠵᠢᠱᠢᠬᠦ ᠠᠵᠢᠯ ᠤᠨ ᠳᠠᠮ ᠢᠶᠠᠷ ᠲᠤᠯᠭᠠᠭᠤᠷᠢᠯᠠᠭᠰᠠᠨ ᠤᠰᠤᠨ ᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠪᠣᠯᠣᠨ ᠠᠮᠤ ᠪᠤᠳᠠᠭᠠᠨ ᠤ ᠠᠮᠤᠷ ᠲᠦᠪᠰᠢᠨ ᠢ ᠲᠠᠨᠢᠯᠴᠠᠭᠤᠯᠪᠠ︔ ᠲᠣᠬᠢᠷᠠᠭᠤᠯᠤᠯᠲᠠ ᠬᠠᠮᠢᠶᠠᠷᠤᠯᠲᠠ ᠶᠢᠨ ᠭᠠᠵᠠᠷ ᠪᠥᠬᠦ ᠤᠯᠤᠰ ᠤᠨ ᠤᠰᠤᠨ ᠤ ᠡᠬᠢ ᠪᠠᠶᠠᠯᠢᠭ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠠᠴᠠ ᠨᠠᠰᠢᠬᠢ ᠲᠤᠷᠰᠢᠯᠭ᠎ᠠ ᠶᠢᠨ ᠦᠷ᠎ᠡ ᠪᠦᠲᠦᠭᠡᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠪᠠᠨ ᠰᠣᠯᠢᠯᠴᠠᠪᠠ᠃ ᠬᠤᠷᠠᠯ ᠳᠤ ᠣᠷᠣᠯᠴᠠᠭᠰᠠᠨ ᠪᠤᠰᠤᠳ ᠭᠠᠵᠠᠷ ᠭᠡᠷ ᠪᠣᠯᠣᠨ ᠲᠣᠪᠴᠢᠶ᠎ᠠ ᠶᠢᠨ ᠤᠳᠤᠷᠢᠳᠤᠯᠭ᠎ᠠ ᠨᠠᠷ ᠰᠤᠷᠤᠯᠴᠠᠭᠰᠠᠨ ᠣᠶᠢᠯᠠᠭᠠᠯᠲᠠ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠠ᠃      ᠬᠤᠷᠠᠯ ᠠᠴᠠ᠂ ᠪᠦᠬᠦ ᠲᠠᠯ᠎ᠠ ᠶᠢᠨ ᠠᠵᠢᠯᠲᠠᠨ ᠠᠵᠢᠯᠴᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ  ᠠᠴᠠ ᠱᠠᠭᠠᠷᠳᠠᠭᠰᠠᠨ ᠨᠢ᠂ ᠡᠯ᠎ᠡ ᠭᠠᠵᠠᠷ ᠭᠡᠷ ᠲᠣᠰ ᠤᠳᠠᠭᠠᠨ ᠤ ᠲᠤᠰᠬᠠᠢ ᠰᠡᠳᠦᠪᠲᠦ ᠬᠤᠷᠠᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠴᠢᠩᠭ᠎ᠠ ᠠᠳᠬᠤᠨ ᠪᠣᠳᠠᠲᠠᠢ ᠠᠳᠬᠤᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠯᠠᠩᠭᠤᠶ᠎ᠠ ᠲᠣᠰ ᠵᠢᠯ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠦᠶᠡᠷ ᠢ ᠰᠡᠷᠭᠡᠶᠢᠯᠡᠬᠦ ᠬᠢᠨᠠᠯᠲᠠ ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠠᠵᠢᠯ ᠢ ᠬᠠᠮᠵᠢᠨ ᠰᠠᠶᠢᠲᠤᠷ ᠬᠢᠵᠦ᠂ ︽ᠳᠥᠷᠪᠡᠨ ᠦᠭᠡᠢ︾ ᠬᠠᠷᠠᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ ᠪᠠᠲᠤᠯᠠᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号