ᠬᠥᠬᠡᠮᠥ᠋ᠷᠡᠨ ᠤ ᠤᠰᠤᠨ ᠠᠰᠢᠭᠯᠠᠯᠲᠠ ᠶᠢᠨ ᠵᠥᠪᠯᠡᠯ 2021 ᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠳᠠᠬᠢᠨ ᠬᠢᠨᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2022/6/16
     ᠲᠤᠰ ᠥᠷᠲᠡᠭᠡᠨ ᠤ ᠮᠡᠳᠡᠭᠡ 6 ᠰᠠᠷ᠎ᠠ ᠶᠢᠨ 11 ᠤ ᠡᠳᠦᠷ᠂ ᠬᠥᠬᠡᠮᠥ᠋ᠷᠡᠨ ᠤ ᠤᠰᠤᠨ ᠠᠰᠢᠭᠯᠠᠯᠲᠠ ᠶᠢᠨ ᠭᠡᠰᠢᠭᠦᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠬᠦ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠳᠠᠬᠢᠨ ᠬᠢᠨᠠᠬᠤ ᠠᠵᠢᠯ ᠤᠨ ᠳᠤᠭᠤᠶᠢᠯᠠᠩ ᠨᠠᠨᠴᠠᠩ ᠬᠤᠲᠠ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠵᠢᠶᠠᠩᠰᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠳᠤ ᠵᠢᠶᠠᠩᠰᠢ ᠮᠤᠵᠢ ᠶᠢᠨ 2021 ᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠬᠦ ᠪᠦᠲᠦᠭᠡᠨ ᠪᠠᠶᠢᠭᠤᠯᠤᠯᠲᠠ ᠶᠢᠨ ᠳᠠᠬᠢᠨ ᠬᠢᠨᠠᠭᠰᠠᠨ ᠪᠦᠬᠦᠯᠢ ᠴᠣᠭᠴᠠ ᠶᠢᠨ ᠪᠠᠶᠢᠳᠠᠯ ᠵᠢᠴᠢ ᠲᠤᠬᠠᠢ ᠶᠢᠨ ᠲᠠᠯᠠᠪᠤᠷ ᠤᠨ ᠳᠠᠬᠢᠨ ᠬᠢᠨᠠᠭᠰᠠᠨ ᠪᠠᠶᠢᠳᠠᠯ ᠢ ᠬᠠᠷᠢᠭᠤ ᠲᠤᠰᠬᠠᠬᠤ ᠶᠢᠨ ᠬᠠᠮᠲᠤ᠂ ᠡᠭᠦᠳᠦᠨ ᠪᠠᠶᠢᠭᠤᠯᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠬᠤ᠂ ᠤᠰᠤ ᠠᠷᠪᠢᠯᠠᠬᠤ ︽ᠭᠤᠷᠪᠠ ᠶᠢ ᠬᠠᠮᠲᠤ ᠳᠤᠨᠢ ᠬᠢᠬᠦ︾ ᠬᠠᠮᠢᠶᠠᠷᠤᠯᠲᠠ ᠶᠢ ᠴᠢᠩᠭᠠᠳᠬᠠᠬᠤ᠂ ᠤᠰᠤ ᠠᠷᠪᠢᠯᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ᠂ ᠳᠠᠬᠢᠯᠲᠠ ᠤᠰᠤᠨ ᠤ ᠠᠰᠢᠭᠯᠠᠯᠲᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ ᠡᠨᠡ ᠨᠢ ᠬᠥᠬᠡᠮᠥ᠋ᠷᠡᠨ ᠤ ᠨᠠᠮ ᠤᠨ ᠬᠤᠷᠢᠶ᠎ᠠ ᠨᠢᠭᠡᠨᠲᠡ 2021 ᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠲᠠᠬᠢᠨ ᠬᠢᠨᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠤᠰᠤᠨ ᠠᠰᠢᠭᠯᠠᠯᠲᠠ ᠶᠢᠨ ᠶᠠᠮᠤᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠬᠥᠬᠡᠮᠥ᠋ᠷᠡᠨ ᠤ ᠵᠥᠪᠯᠡᠯ ᠵᠢᠶᠠᠩᠰᠢ᠂ ᠬᠤᠪᠧᠢ᠂ ᠬᠤᠨᠠᠨ᠂ ᠴᠦᠩᠴᠢᠩ᠂ ᠰᠧᠴᠤᠸᠠᠨ᠂ ᠲᠥᠪᠡᠳ ᠵᠡᠷᠭᠡ 6 ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ᠂ 80 ᠰᠢᠶᠠᠨ ︵ᠲᠣᠭᠤᠷᠢᠭ︶ ᠤ 2021 ᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠳᠠᠬᠢᠨ ᠬᠢᠨᠠᠬᠤ ᠠᠵᠢᠯ ᠪᠠ 17 ᠰᠢᠶᠠᠨ ︵ᠲᠣᠭᠤᠷᠢᠭ︶ ᠤ ᠲᠤᠬᠠᠢ ᠶᠢᠨ ᠲᠠᠯᠠᠪᠤᠷ ᠤᠨ ᠳᠠᠬᠢᠨ ᠬᠢᠨᠠᠬᠤ ᠠᠵᠢᠯ ᠢ ᠡᠭᠦᠷᠭᠡᠯᠡᠪᠡ᠃ ᠬᠥᠬᠡᠮᠥ᠋ᠷᠡᠨ ᠤ ᠵᠦᠪᠡᠯᠡᠯ ᠤᠰᠤᠨ ᠠᠰᠢᠭᠯᠠᠯᠲᠠ ᠶᠢᠨ ᠶᠠᠮᠤᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠩᠰᠠᠯᠠᠭᠤᠯᠤᠭᠰᠠᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠪᠠ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠬᠠᠷᠭᠤᠭᠤᠯᠤᠯᠲᠠ ᠪᠠ ᠭᠦᠢᠴᠡᠳᠬᠡᠬᠦ ᠲᠤᠭ᠎ᠠ ᠶᠢᠨ ᠲᠠᠬᠢᠨ ᠬᠠᠷᠭᠤᠭᠤᠯᠤᠯᠲᠠ ᠶᠢ ᠥᠷᠨᠢᠭᠦᠯᠵᠦ᠂ ᠨᠠᠷᠢᠨ ᠨᠢᠭᠲᠠ ᠬᠢᠨᠠᠨ ᠬᠠᠷᠭᠤᠭᠤᠯᠤᠯᠲᠠ ᠶᠢᠨ ᠡᠬᠡ ᠲᠠᠩᠰᠠ ᠪᠠ ᠲᠠᠬᠢᠨ ᠬᠢᠨᠠᠭᠰᠠᠨ ᠦᠷ᠎ᠡ ᠳ᠋ᠦᠩ ᠤᠨ ᠡᠬᠡ ᠲᠠᠩᠰᠠ ᠶᠢ ᠪᠠᠶᠢᠭᠤᠯᠪᠠ︔ ᠲᠤᠬᠠᠢ ᠶᠢᠨ ᠲᠠᠯᠠᠪᠤᠷ ᠲᠤ ᠳᠠᠬᠢᠨ ᠬᠢᠨᠠᠬᠤ ᠠᠵᠢᠯ ᠢ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠳᠠᠬᠢᠨ ᠬᠢᠨᠠᠭᠰᠠᠨ ᠪᠠᠶᠢᠳᠠᠯ ᠲᠠᠢ ᠤᠶᠠᠯᠳᠤᠭᠤᠯᠤᠨ ᠳᠠᠬᠢᠨ ᠬᠢᠨᠠᠭᠰᠠᠨ ᠦᠷ᠎ᠡ ᠳ᠋ᠦᠩ ᠤᠨ ᠡᠬᠡ ᠲᠠᠩᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠬᠡᠰᠡᠭ ᠰᠡᠵᠢᠭ ᠲᠠᠢ ᠨᠡᠶᠢᠯᠡᠮᠡᠯ ᠮᠠᠲ᠋ᠧᠷᠢᠶᠠᠯ  ᠳᠤ ᠴᠢᠭᠯᠡᠭᠦᠯᠦᠨ ᠲᠥᠪᠯᠡᠷᠡᠭᠦᠯᠦᠨ ᠵᠥᠪᠳᠡᠯᠴᠡᠬᠦ ᠶᠢᠨ ᠬᠠᠮᠲᠤ ᠬᠠᠮᠤᠭ ᠡᠴᠦᠰ ᠤᠨ ᠳᠠᠬᠢᠨ ᠬᠢᠨᠠᠭᠰᠠᠨ ᠦᠷ᠎ᠡ ᠳ᠋ᠦᠩ ᠢ ᠲᠣᠭᠲᠠᠭᠠᠪᠠ᠃      ᠲᠠᠬᠢᠨ ᠬᠢᠨᠠᠬᠤ ᠠᠵᠢᠯ ᠢ ᠤᠷᠤᠭᠰᠢᠲᠠᠢ ᠠᠬᠢᠭᠤᠯᠬᠤ ᠶᠢᠨ ᠲᠥᠯᠥᠭᠡ᠂ ᠬᠥᠬᠡᠮᠥ᠋ᠷᠡᠨ ᠤ ᠵᠥᠪᠯᠡᠯ  ᠠᠴᠠ ᠵᠠᠩᠭᠢᠯᠠᠭ᠎ᠠ ᠶᠢᠨ ᠴᠡᠭ ᠪᠣᠯᠣᠨ ᠮᠡᠷᠭᠡᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠲᠣᠳᠣᠷᠬᠠᠶᠢᠯᠠᠵᠤ᠂ ᠮᠠᠲ᠋ᠧᠷᠢᠶᠠᠯ ᠢ ᠳᠠᠩᠰᠠᠯᠠᠬᠤ ᠪᠣᠭᠤᠮᠲᠠ ᠶᠢ ᠴᠢᠨᠠᠷ ᠰᠠᠶᠢᠲᠠᠢ ᠰᠠᠶᠢᠲᠤᠷ ᠠᠳᠬᠤᠪᠠ︔ ᠪᠦᠷᠢᠨ ᠲᠡᠭᠦᠯᠳᠡᠷ ᠨᠠᠷᠢᠯᠢᠭ ᠮᠠᠲ᠋ᠧᠷᠢᠶᠠᠯ ᠢ ᠳᠠᠬᠢᠨ ᠬᠢᠨᠠᠬᠤ ᠮᠡᠷᠭᠡᠵᠢᠯ ᠤᠨ ᠰᠢᠰᠲ᠋ᠧᠮ ᠪᠣᠯᠣᠨ ᠰᠣᠯᠪᠢᠴᠠᠭᠤᠯᠤᠨ ᠳᠠᠬᠢᠨ ᠬᠢᠨᠠᠬᠤ ᠳᠡᠰ ᠳᠠᠷᠠᠭ᠎ᠠ ᠶᠢ ᠪᠠᠶᠢᠭᠤᠯᠵᠤ᠂ ᠤᠷᠳᠤ ᠬᠤᠭᠤᠴᠠᠭ᠎ᠠ ᠪᠠᠷ ᠤᠰᠤ ᠠᠷᠪᠢᠯᠠᠬᠤ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠬᠢᠵᠦ ᠪᠠᠶᠢᠭᠰᠠᠨ ᠮᠡᠷᠭᠡᠵᠢᠯ ᠤᠨ ᠭᠤᠣᠯᠯᠠᠭᠴᠢ ᠬᠦᠴᠦᠨ ᠢ ᠰᠣᠩᠭᠤᠨ ᠲᠣᠮᠢᠯᠠᠵᠤ ᠳᠣᠲᠣᠭᠠᠳᠤ ᠠᠵᠢᠯ ᠤᠨ ᠮᠠᠲ᠋ᠧᠷᠢᠶᠠᠯ ᠢ ᠲᠠᠬᠢᠨ ᠬᠢᠨᠠᠬᠤ ᠪᠠ ᠲᠤᠬᠠᠢ ᠶᠢᠨ ᠲᠠᠯᠠᠪᠤᠷ ᠲᠤ ᠲᠠᠬᠢᠨ ᠬᠢᠨᠠᠬᠤ ᠳᠤ ᠣᠷᠣᠯᠴᠠᠭᠤᠯᠵᠤ᠂ ᠲᠥᠪᠯᠡᠷᠡᠭᠦᠯᠦᠨ ᠶᠠᠷᠢᠯᠴᠠᠵᠤ ᠬᠤᠪᠢ ᠣᠯᠭᠤᠬᠤ ᠵᠠᠷᠴᠢᠮ ᠢ ᠨᠠᠷᠢᠯᠢᠭᠵᠢᠭᠤᠯᠤᠭᠰᠠᠨ ᠤ ᠬᠠᠮᠲᠤ ᠮᠤᠵᠢ ᠶᠢᠨ ᠱᠠᠲᠤᠨ ᠤ ᠬᠤᠪᠢ ᠣᠯᠭᠤᠬᠤ ᠲᠠᠢ ᠨᠢᠭᠡᠳᠦᠯ ᠦᠭᠡᠢ ᠭᠦᠢᠴᠡᠳᠬᠡᠬᠦ ᠲᠤᠭ᠎ᠠ ᠶᠢ ᠭᠤᠣᠯᠳᠠᠯᠭ᠎ᠠ ᠲᠠᠢ ᠪᠠᠷ ᠲᠠᠬᠢᠨ ᠬᠢᠨᠠᠵᠤ᠂ ᠮᠡᠷᠭᠡᠵᠢᠯ ᠤᠨ ᠪᠠᠷᠢᠮᠵᠢᠶ᠎ᠠ ᠶᠢᠨ ᠪᠣᠭᠤᠮᠲᠠ ᠶᠢ ᠣᠨᠣᠪᠴᠢᠲᠠᠢ ᠪᠥᠭᠡᠳ ᠪᠦᠷᠢᠨ ᠪᠦᠲᠦᠨ ᠢᠶᠠᠷ ᠰᠠᠶᠢᠲᠤᠷ ᠠᠳᠬᠤᠵᠤ᠂ ᠲᠠᠬᠢᠨ ᠬᠢᠨᠠᠭᠰᠠᠨ ᠦᠷ᠎ᠡ ᠳ᠋ᠦᠩ ᠤᠨ ᠪᠤᠰᠤᠳᠴᠢ ᠪᠥᠭᠡᠳ ᠲᠥᠪ ᠭᠤᠣᠯᠴᠢ ᠪᠠᠶᠢᠬᠤ ᠶᠢ ᠪᠠᠲᠤᠯᠠᠪᠠ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠭᠰᠠᠨ ᠤᠷᠢᠲᠠᠯ ᠳᠣᠣᠷ᠎ᠠ᠂ ᠲᠤᠬᠠᠢ ᠶᠢᠨ ᠲᠠᠯᠠᠪᠤᠷ ᠤᠨ ᠳᠠᠬᠢᠨ ᠬᠢᠨᠠᠬᠤ ᠠᠬᠢᠴᠠ ᠶᠢ ᠵᠠᠪᠳᠤᠨ ᠠᠳᠬᠤᠵᠤ᠂ ᠵᠠᠢ ᠵᠠᠪᠰᠠᠷ ᠢ ᠨᠢ ᠦᠵᠡᠵᠦ ᠪᠠᠶᠢᠭᠠᠳ ᠰᠠᠯᠭᠠᠵᠤ᠂ ᠲᠤᠬᠠᠢ ᠶᠢᠨ ᠲᠠᠯᠠᠪᠤᠷ ᠤᠨ ᠳᠠᠬᠢᠨ ᠬᠢᠨᠠᠬᠤ ᠶᠠᠪᠤᠴᠠ ᠶᠢᠨ ᠲᠣᠬᠢᠷᠠᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠰᠤᠷᠭᠠᠭᠤᠯᠢ᠂ ᠠᠵᠤ ᠠᠬᠤᠶᠢᠯᠠᠯ᠂ ᠵᠢᠵᠢᠭ ᠲᠣᠭᠤᠷᠢᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠣᠷᠣᠨ ᠪᠦᠰᠡ ᠳᠤ ᠲᠤᠬᠠᠢ ᠶᠢᠨ ᠲᠠᠯᠠᠪᠤᠷ ᠲᠤ ᠣᠷᠣᠵᠤ ᠳᠠᠬᠢᠨ ᠬᠢᠨᠠᠬᠤ ᠠᠵᠢᠯᠲᠠᠨ ᠤ ᠲᠤᠭ᠎ᠠ ᠶᠢ ᠠᠯᠢ ᠴᠢᠳᠠᠬᠤ ᠪᠠᠷ ᠪᠠᠭᠠᠰᠬᠠᠨ᠂ ᠴᠢᠬᠤᠯᠠ ᠲᠠᠢ ᠦᠶ᠎ᠡ ᠳᠤ ᠬᠠᠷᠠᠭᠠᠨ ᠳᠠᠪᠲᠠᠮᠵᠢ ᠪᠠᠷ ᠪᠠᠶᠢᠴᠠᠭᠠᠨ ᠰᠢᠨᠵᠢᠬᠦ ᠠᠷᠭ᠎ᠠ ᠪᠠᠷᠢᠯ ᠢ ᠠᠪᠴᠤ᠂ ᠠᠵᠢᠯ ᠢᠶᠠᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠬᠥᠬᠡᠮᠥ᠋ᠷᠡᠨ ᠤ ᠵᠦᠪᠡᠯᠡᠯ ᠠᠴᠠ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠬᠦ ᠪᠦᠲᠦᠭᠡᠨ ᠪᠠᠶᠢᠭᠤᠯᠤᠯᠲᠠ ᠶᠢᠨ ᠲᠠᠬᠢᠨ ᠬᠢᠨᠠᠯᠲᠠ ᠶᠢ ᠦᠷᠭᠦᠯᠵᠢᠯᠡᠨ ᠠᠬᠢᠭᠤᠯᠵᠤ᠂ ᠱᠠᠯᠠᠪᠳᠠᠭᠤᠯᠤᠨ ᠵᠢᠯᠤᠭᠤᠳᠬᠤ ᠪᠠᠨ ᠴᠢᠨᠠᠭᠰᠢᠳᠠ ᠴᠢᠩᠭᠠᠳᠬᠠᠵᠤ᠂ ᠲᠠᠬᠢᠨ ᠬᠢᠨᠠᠯᠲᠠ ᠶᠢᠨ ᠶᠠᠰᠤ ᠴᠢᠨᠠᠷ ᠪᠣᠯᠣᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠲᠦᠷᠭᠡᠨ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号