ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠭᠠᠵᠠᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠬᠡᠯᠲᠡᠰ᠂ ᠰᠣᠨᠢᠨ ᠮᠡᠳᠡᠭᠡ ᠤᠬᠠᠭᠤᠯᠬᠤ ᠬᠡᠯᠲᠡᠰ ᠤᠨ ᠨᠠᠮ ᠤᠨ ᠡᠭᠦᠷ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠵᠦ᠂ ᠡᠭᠦᠷᠢᠳᠡ ᠨᠠᠮ ᠢᠶᠠᠨ ᠳᠠᠭᠠᠵᠤ᠂ ᠰᠢᠨ᠎ᠡ ᠠᠶᠠᠨ ᠢᠶᠠᠨ ᠡᠬᠢᠯᠡᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/14
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯ ᠤᠨ ᠰᠤᠷᠲᠠᠯ ᠢ ᠤᠯᠠᠮᠵᠢᠯᠠᠬᠤ ᠶᠢᠨ ᠲᠥᠯᠥᠭᠡ᠂ 7 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠭᠠᠵᠠᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠬᠡᠯᠲᠡᠰ᠂ ᠰᠣᠨᠢᠨ ᠮᠡᠳᠡᠭᠡ ᠤᠬᠠᠭᠤᠯᠬᠤ ᠬᠡᠯᠲᠡᠰ ᠤᠨ ᠨᠠᠮ ᠤᠨ ᠡᠭᠦᠷ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠬᠦᠷᠴᠦ᠂  ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠵᠦ ᠂ ᠡᠭᠦᠷᠢᠳᠡ ᠨᠠᠮ ᠢᠶᠠᠨ ᠳᠠᠭᠠᠵᠤ᠂ ᠰᠢᠨ᠎ᠡ ᠠᠶᠠᠨ ᠢᠶᠠᠨ ᠡᠬᠢᠯᠡᠭᠦᠯᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃
W020220714516520390606.jpg
    ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠬᠤᠪᠢᠰᠬᠠᠯ ᠤᠨ ᠤᠷᠢᠳᠤᠰ ᠤᠨ ᠦᠢᠯᠡ ᠠᠵᠢᠯᠯᠠᠭ᠎ᠠ ᠶᠢ ᠰᠣᠨᠣᠰᠤᠨ ᠂ ᠨᠠᠮ ᠤᠨ ᠲᠤᠭ ᠤᠨ ᠳᠣᠣᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠲᠥᠪ ᠴᠢᠩᠭ᠎ᠠ ᠪᠠᠷ ᠲᠠᠩᠭᠠᠷᠢᠭᠯᠠᠵᠤ ᠂ ᠬᠤᠪᠢᠰᠬᠠᠯ ᠤᠨ ᠤᠷᠢᠳᠤᠰ ᠢ ᠳᠤᠷᠠᠰᠤᠨ ᠰᠠᠨᠠᠭᠠᠯᠵᠠᠬᠤ ᠪᠠᠷ ᠳᠠᠮᠵᠢᠨ ᠂ ᠨᠠᠮ ᠤᠨ ᠭᠡᠰᠢᠭᠦᠳ ᠰᠡᠳᠬᠢᠯ ᠤᠨ ᠤᠬᠢᠶᠠᠯ ᠬᠦᠷᠳᠡᠪᠡ᠃ ᠤᠯᠠᠨ ᠢᠶᠠᠷ ᠢᠶᠠᠨ᠂ ᠨᠠᠮ ᠤᠨ ᠰᠢᠯᠢᠳᠡᠭ ᠤᠯᠠᠮᠵᠢᠯᠠᠯ ᠢᠶᠠᠷ ᠲᠤᠭ ᠪᠣᠯᠭᠠᠵᠤ᠂ ᠨᠠᠮ ᠤᠨ ᠵᠣᠷᠢᠯᠲᠠ ᠪᠠᠷ ᠡᠭᠦᠷᠭᠡ ᠬᠠᠷᠢᠭᠤᠴᠠᠯᠭ᠎ᠠ ᠪᠣᠯᠭᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ᠃
W020220714516520403168.jpg
 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号