ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠡᠷᠬᠢᠯᠡᠭᠴᠢ ᠸᠠᠩ ᠬᠠᠢ ᠵᠢᠶᠦ᠋ᠨ ᠤᠷᠳᠤᠰ᠂ ᠠᠯᠠᠱᠠ ᠠᠶᠢᠮᠠᠭ᠂ ᠪᠤᠭᠤᠲᠤ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/20
    7 ᠳ᠋ᠤᠭᠠᠷ ᠰᠠᠷ᠎ᠠ ᠶᠢᠨ10 ᠤ ᠡᠳᠦᠷ ᠠᠴᠠ14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠡᠷᠬᠢᠯᠡᠭᠴᠢ ᠸᠠᠩ ᠬᠠᠢ ᠵᠢᠶᠦ᠋ᠨ ᠵᠡᠷᠭᠡ ᠳᠥᠷᠪᠡᠭᠦᠯᠡ ᠤᠷᠳᠤᠰ᠂ ᠠᠯᠠᠱᠠ᠂ ᠪᠤᠭᠤᠲᠤ ᠬᠤᠲᠠ ᠵᠢᠨ‌ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠬᠦᠷᠴᠦ ᠪᠠᠶᠢᠴᠠᠭᠠᠨ ᠰᠤᠳᠤᠯᠬᠤ ᠠᠵᠢᠯ ᠥᠷᠨᠢᠭᠦᠯᠪᠡ᠃
中心调研1.jpg
    ᠸᠠᠩ ᠬᠠᠢ ᠵᠢᠶᠦ᠋ᠨ ᠡᠷᠬᠢᠯᠡᠭᠴᠢ ᠵᠡᠷᠭᠡ ᠶᠢᠨ ᠭᠤᠷᠪᠠᠨ ᠠᠶᠢᠮᠠᠭ ᠬᠤᠳᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠬᠦᠷᠪᠡ᠂ ᠬᠤᠪᠢᠶᠠᠷᠢ ᠲᠥᠪ ᠤᠨ ᠠᠵᠢᠯᠯᠠᠬᠤ ᠣᠷᠴᠢᠨ ᠲᠣᠭᠤᠷᠢᠨ᠂ ᠰᠢᠨᠵᠢᠯᠡᠨ ᠰᠢᠯᠭᠠᠬᠤ ᠲᠠᠰᠤᠭ ᠤᠨ ᠲᠥᠬᠦᠭᠡᠷᠦᠮᠵᠢ ᠵᠡᠷᠭᠡ ᠶᠢᠨ ᠪᠠᠢᠳᠠᠯ ᠢ ᠲᠤᠬᠠᠶ ᠶᠢᠨ ᠭᠠᠵᠠᠷ ᠲᠤᠨᠢ ᠪᠠᠢᠴᠠᠭᠠᠨ ᠦᠵᠡᠵᠦ᠂ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠬᠦ ᠥᠷᠲᠡᠭᠡ᠂ ᠤᠰᠤᠨ ᠰᠢᠨᠵᠢᠯᠡᠭᠡᠨ ᠤ ᠲᠤᠭ᠎ᠠ ᠪᠠᠷᠢᠮᠲᠠ ᠶᠢ ᠬᠦᠯᠢᠶᠡᠨ ᠠᠪᠬᠤ ᠲᠠᠪᠴᠠᠩ ᠤᠨ ᠰᠦᠯᠵᠢᠶᠡᠨ ᠳᠤ ᠭᠠᠷᠬᠤ ᠨᠣᠷᠮ᠎ᠠ ᠪᠠ ᠬᠢᠨᠠᠨ ᠬᠡᠮᠵᠢᠬᠦ ᠪᠠᠶᠢᠳᠠᠯ ᠢ ᠪᠠᠶᠢᠴᠠᠭᠠᠨ ᠦᠵᠡᠵᠦ᠂ ᠠᠯᠤᠰ ᠡᠵᠡᠮᠰᠢᠯᠲᠦ ᠸᠢᠳᠢᠣ᠋ ᠰᠢᠰᠲ᠋ᠧᠮ ᠢᠶᠠᠷ ᠳᠠᠮᠵᠢᠭᠤᠯᠤᠨ ᠡᠵᠡᠨ᠎ᠡ ᠬᠤᠰᠢᠭᠤᠨ ᠤ ᠬᠠᠷ᠎ᠠ ᠭᠤᠤᠯ ᠤᠨ ᠰᠠᠪᠠ ᠭᠠᠵᠠᠷ ᠤᠨ ᠡᠯ᠎ᠡ ᠤᠰᠤᠨ ᠰᠢᠨᠵᠢᠯᠡᠭᠡᠨ ᠤ ᠥᠷᠲᠡᠭᠡ ᠶᠢᠨ ᠣᠭᠲᠣᠯᠤᠭᠠᠰᠤ᠂ ᠥᠷᠲᠡᠭᠡᠨ ᠤ ᠭᠡᠷ ᠤᠨ ᠪᠠᠶᠢᠳᠠᠯ ᠢ ᠪᠠᠶᠢᠴᠠᠭᠠᠨ ᠦᠵᠡᠵᠦ᠂ ᠬᠠᠷ᠎ᠠ ᠭᠤᠤᠯ ᠤᠨ ᠤᠰᠤ ᠲᠠᠲᠠᠬᠤ ᠠᠬᠢᠴᠠ ᠶᠢᠨ ᠪᠠᠶᠢᠳᠠᠯ ᠢ ᠡᠵᠡᠮᠰᠢᠵᠡᠶ᠂ ᠲᠡᠭᠡᠬᠦ ᠮᠥᠷᠲᠡᠭᠡᠨ ᠬᠤᠪᠢᠶᠠᠷᠢ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ ᠲᠠᠢ ᠶᠠᠷᠢᠯᠴᠠᠬᠤ ᠬᠤᠷᠠᠯ ᠬᠢᠵᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠪᠢᠶᠠᠷᠢ ᠲᠥᠪ ᠤᠨ ᠦᠨᠳᠦᠰᠦᠨ ᠪᠠᠶᠢᠳᠠᠯ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠤᠰᠤᠨ ᠤ ᠴᠢᠨᠠᠷ ᠢ ᠬᠢᠨᠠᠨ ᠬᠡᠮᠵᠢᠬᠦ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠣᠶᠢᠯᠭᠠᠭᠰᠠᠨ ᠪᠥᠭᠡᠳ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ ᠦᠵᠡᠯᠲᠡ ᠪᠠᠨ ᠬᠤᠪᠢᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠤᠰᠤᠨ ᠵᠦᠢ ᠶᠢᠨ ᠰᠢᠨ᠎ᠡ ᠪᠠᠶᠢᠳᠠᠯ ᠳᠤ ᠵᠣᠬᠢᠴᠠᠵᠤ᠂ ᠺᠠᠳ᠋ᠷ ᠠᠵᠢᠯᠳᠠᠨ ᠤ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠵᠦ᠂ ᠤᠰᠤᠨ ᠵᠦᠢ ᠶᠢᠨ ᠡᠭᠦᠷᠭᠡ ᠴᠢᠳᠠᠪᠬᠢ ᠶᠢ ᠪᠠᠳᠠᠷᠠᠭᠤᠯᠵᠤ᠂ ᠤᠰᠤᠨ ᠵᠦᠢ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠶᠣᠰᠣ ᠲᠦᠷᠢᠮ ᠢ ᠲᠣᠭᠲᠠᠭᠠᠵᠤ᠂ ᠶᠣᠰᠣ ᠲᠦᠷᠢᠮ ᠢ ᠰᠠᠬᠢᠵᠤ᠂ ᠤᠯᠤᠰ ᠲᠦᠷᠦ ᠶᠢᠨ ᠪᠣᠯᠪᠠᠰᠤᠷᠠᠯ ᠪᠣᠯᠤᠨ ᠶᠣᠰᠣ ᠰᠤᠷᠲᠠᠬᠤᠨ ᠤ ᠪᠣᠯᠪᠠᠰᠤᠷᠠᠯ ᠢ ᠴᠢᠩᠭᠠᠳᠬᠠᠵᠤ᠂ ᠶᠣᠰᠣ ᠰᠤᠷᠲᠠᠬᠤᠨ ᠤ ᠬᠤᠷᠢᠭ᠎ᠠ ᠱᠤᠭᠤᠮ ᠢ ᠰᠠᠬᠢᠵᠤ᠂ ᠰᠠᠬᠢᠯᠭ᠎ᠠ ᠪᠠᠲᠤ ᠶᠢ ᠡᠪᠳᠡᠬᠦ ᠦᠭᠡᠢ ᠪᠠᠶᠢᠬᠤ ᠬᠡᠷᠡᠭᠲᠡᠢ᠃ ᠭᠤᠷᠪᠠ ᠳᠤ ᠡᠭᠦᠷᠭᠡᠯᠡᠯ ᠢᠶᠠᠨ ᠴᠢᠩᠭᠠᠳᠬᠠᠨ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠤᠰᠤ ᠪᠣᠷᠣᠭᠠᠨ ᠤ ᠪᠠᠶᠢᠳᠠᠯ ᠢ ᠬᠡᠮᠵᠢᠨ ᠮᠡᠳᠡᠭᠦᠯᠬᠦ᠂ ᠤᠷᠢᠳᠴᠢᠯᠠᠨ ᠮᠡᠳᠡᠭᠡᠯᠡᠬᠦ᠂ ᠭᠠᠵᠠᠷ ᠳᠣᠣᠷᠠᠬᠢ ᠤᠰᠤᠨ ᠤ ᠲᠦᠪᠰᠢᠨ ᠢ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠵᠦ᠂ ᠬᠠᠷ᠎ᠠ ᠭᠤᠣᠯ ᠤᠨ ᠤᠰᠤ ᠶᠢ ᠲᠠᠲᠠᠬᠤ᠂ ᠬᠠᠳᠤᠨ ᠭᠤᠣᠯ ᠤᠨ ᠦᠶᠡᠷ ᠤᠰᠤ ᠶᠢ ᠰᠡᠷᠭᠡᠶᠢᠯᠡᠬᠦ ᠵᠡᠷᠭᠡ ᠠᠵᠢᠯ ᠢ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠬᠤ ᠬᠡᠷᠡᠭᠲᠡᠢ ᠭᠡᠵᠦ ᠸᠠᠩ ᠬᠠᠢ ᠵᠢᠶᠦ᠋ᠨ ᠵᠢᠭᠠᠨ ᠭᠠᠷᠭᠠᠵᠠᠢ᠃
中心调研2.jpg中心调研3.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠵᠤᠸᠠᠨ ᠯᠦᠩ ᠸᠠᠨ ᠤᠰᠤᠨ ᠰᠢᠨᠵᠢᠯᠡᠭᠡᠨ ᠤ    ᠥᠷᠲᠡᠭᠡ᠂ ᠰᠠᠯᠠᠤᠰᠤ ᠤᠰᠤᠨ ᠰᠢᠨᠵᠢᠯᠡᠭᠡᠨ ᠤ ᠥᠷᠲᠡᠭᠡ᠂ ᠬᠤᠩ ᠱᠠ ᠪᠠ ᠤᠰᠤᠨ ᠰᠢᠨᠵᠢᠯᠡᠭᠡᠨ ᠤ ᠥᠷᠲᠡᠭᠡ᠂ ᠦᠵᠦᠮ ᠤᠳᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠳᠤᠤᠷᠠᠬᠢ ᠤᠰᠤ ᠶᠢ ᠬᠢᠨᠠᠨ ᠬᠡᠮᠵᠢᠬᠦ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠢ ᠳᠤ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠪᠠ᠃ ᠰᠠᠷᠠᠤᠰᠤ ᠶᠢᠨ ᠤᠰᠤᠨ ᠰᠢᠨᠵᠢᠯᠡᠭᠡᠨ ᠤ ᠥᠷᠲᠡᠭᠡ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠪᠥᠬᠦ ᠬᠦᠴᠦᠨ ᠵᠦᠢᠯ ᠂ ᠪᠥᠬᠦ ᠶᠠᠪᠤᠴᠠ ᠶᠢᠨ ᠠᠦ᠋ᠲ᠋ᠣ᠋ ᠤᠰᠤᠨ ᠰᠢᠨᠵᠢᠯᠡᠭᠡᠨ ᠤ ᠥᠷᠲᠡᠭᠡ ᠶᠢ ᠪᠥᠲᠥᠭᠡᠨ ᠪᠠᠶᠢᠭᠤᠯᠬᠤ ᠪᠣᠯ ᠬᠤᠶᠢᠰᠢᠳᠠ ᠶᠢᠨ ᠬᠡᠮᠵᠢᠯᠲᠡ ᠶᠢᠨ ᠥᠷᠲᠡᠭᠡ ᠶᠢ ᠪᠥᠲᠥᠭᠡᠨ ᠪᠠᠶᠢᠭᠤᠯᠬᠤ ᠬᠠᠷᠠᠯᠲᠠ ᠮᠥᠨ᠂ ᠡᠯ᠎ᠡ ᠭᠠᠵᠠᠷ ᠣᠷᠣᠨ ᠨᠤᠭᠤᠳ ᠤᠰᠤᠨ ᠰᠢᠨᠵᠢᠯᠡᠭᠡᠨ ᠤ ᠥᠷᠲᠡᠭᠡ ᠶᠢᠨ ᠣᠨᠴᠠᠯᠢᠭ ᠰᠢᠨᠵᠢ ᠶᠢ ᠭᠦᠢᠴᠡᠳ ᠰᠤᠳᠤᠯᠤᠨ ᠮᠠᠭᠠᠳᠯᠠᠵᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠤ ᠳᠣᠭᠢᠷᠠᠬᠤ ᠪᠥᠬᠦ ᠬᠦᠴᠦᠨ ᠵᠦᠢᠯ ᠂ ᠪᠥᠬᠦ ᠶᠠᠪᠤᠴᠠ ᠶᠢᠨ ᠬᠡᠮᠵᠢᠯᠲᠡ ᠶᠢᠨ ᠥᠷᠲᠡᠭᠡ ᠶᠢ ᠪᠥᠲᠥᠭᠡᠨ ᠪᠠᠶᠢᠭᠤᠯᠬᠤ ᠬᠠᠷᠠᠯᠲᠠ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠴᠤ᠂ ᠥᠷᠲᠡᠭᠡ ᠲᠤᠤᠷ ᠤᠨ ᠪᠠᠶᠢᠷᠢᠯᠠᠭᠤᠯᠤᠯᠲᠠ ᠶᠣᠰᠣᠭᠠᠷ ᠬᠡᠮᠵᠢᠯᠲᠡ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠬᠡᠷᠡᠭᠲᠡᠶ᠃
中心调研4.jpg
    ᠦᠵᠦᠮ ᠤᠳᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠨᠢᠭᠡᠴᠡ ᠪᠣᠯ ᠮᠠᠨ ᠤ ᠣᠷᠣᠨ ᠤ 124 ᠬᠤᠭᠤᠰᠣᠨ ᠪᠠᠶᠢᠭ᠎ᠠ ᠬᠠᠮᠢᠶᠠᠷᠤᠯᠲᠠ ᠶᠢᠨ ᠨᠢᠭᠡᠴᠡ ᠶᠢᠨ ᠨᠢᠭᠡ᠂ ᠭᠠᠵᠠᠷ ᠳᠤᠤᠷᠠᠬᠢ ᠤᠰᠤ ᠶᠢ ᠬᠢᠨᠠᠨ ᠬᠡᠮᠵᠢᠬᠦ ᠬᠤᠳᠳᠤᠭ ᠤᠨ ᠪᠥᠲᠥᠭᠡᠨ ᠪᠠᠶᠢᠭᠤᠯᠤᠯᠲᠠ ᠪᠠ ᠴᠢᠯᠠᠭᠤᠯᠢᠭ ᠤᠨ ᠲᠥᠪ ᠴᠤᠭᠯᠠᠭᠤᠯᠬᠤ ᠠᠵᠢᠯ ᠪᠠᠶᠢᠵᠤ᠂ ᠮᠠᠨ ᠤ ᠣᠷᠣᠨ ᠤ ᠬᠤᠭᠤᠰᠣᠨ ᠪᠠᠶᠢᠭ᠎ᠠ ᠬᠠᠮᠢᠶᠠᠷᠤᠯᠲᠠ ᠶᠢᠨ ᠨᠢᠭᠡᠴᠡ ᠶᠢᠨ ᠳᠣᠲᠣᠷᠠᠬᠢ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠳᠤ ᠪᠣᠳᠠᠲᠤ ᠠᠴᠢ ᠬᠤᠯᠪᠣᠭᠳᠠᠯ ᠲᠠᠢ ᠶᠤᠮ᠃ ᠲᠤᠬᠠᠶ ᠶᠢᠨ ᠲᠠᠯᠠᠪᠠᠶ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠢᠨᠠᠨ ᠬᠡᠮᠵᠢᠬᠦ ᠬᠤᠳᠳᠤᠭ ᠤᠨ ᠥᠷᠥᠮᠳᠡᠨ ᠬᠠᠶᠢᠬᠤ ᠠᠵᠢᠯ ᠤᠨ ᠣᠳᠣᠬᠢ ᠱᠠᠲᠤᠨ ᠤ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠵᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠦᠯ ᠢ ᠴᠢᠩᠭ᠎ᠠ ᠵᠢᠷᠤᠮᠯᠠᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠢᠨᠠᠨ ᠬᠡᠮᠵᠢᠬᠦ ᠬᠤᠳᠳᠤᠭ ᠤᠨ ᠶᠠᠰᠤ ᠴᠢᠨᠠᠷ ᠢ ᠨᠠᠷᠢᠨ ᠬᠢᠨᠠᠮᠠᠭᠠᠶ ᠡᠵᠡᠮᠳᠡᠬᠦ ᠶᠢᠨ ᠬᠠᠮᠲᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠢ ᠦᠨᠡᠨ ᠬᠦ ᠪᠠᠲᠤᠯᠠᠵᠤ᠂ ᠭᠠᠵᠠᠷ ᠳᠤᠤᠷᠠᠬᠢ ᠤᠰᠤ ᠶᠢ ᠬᠢᠨᠠᠨ ᠬᠡᠮᠵᠢᠬᠦ ᠬᠤᠳᠳᠤᠭ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠷᠲᠡᠬᠡᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃
中心调研6.jpg中心调研5.jpg
    ᠬᠤᠩ ᠱᠠ ᠪᠠ ᠤᠰᠤᠨ ᠰᠢᠨᠵᠢᠯᠡᠭᠡᠨ ᠤ ᠦᠷᠳᠡᠭᠡ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠡᠮᠵᠢᠨ ᠪᠠᠶᠢᠴᠠᠭᠠᠬᠤ ᠦᠷᠳᠡᠭᠡ ᠶᠢᠨ ᠠᠵᠢᠯᠳᠠᠨ ᠤ ᠠᠮᠢᠳᠤᠷᠠᠯ ᠤᠨ ᠨᠥᠬᠦᠴᠡᠯ᠂ ᠣᠷᠣᠰᠢᠵᠤ ᠪᠠᠶᠢᠭ᠎ᠠ ᠬᠦᠴᠢᠷᠳᠡᠯ᠂ ᠤᠤᠭᠤᠬᠤ ᠤᠰᠤᠨ ᠤ ᠠᠮᠤᠷ ᠲᠦᠪᠰᠢᠨ ᠪᠣᠯᠤᠨ ᠣᠭᠲᠣᠯᠤᠭᠠᠰᠤ ᠶᠢᠨ ᠬᠡᠮᠵᠢᠨ ᠪᠠᠶᠢᠴᠠᠭᠠᠯᠲᠠ ᠶᠢᠨ ᠠᠮᠤᠷ ᠲᠦᠪᠰᠢᠨ ᠤ ᠪᠠᠶᠢᠳᠠᠯ᠂ ᠦᠷᠳᠡᠭᠡ ᠳᠣᠲᠣᠷᠠᠬᠢ ᠬᠡᠮᠵᠢᠨ ᠪᠠᠶᠢᠴᠠᠭᠠᠯᠲᠠ ᠶᠢᠨ ᠲᠥᠬᠦᠭᠡᠷᠦᠮᠵᠢ ᠲᠥᠬᠦᠭᠡᠷᠦᠮᠵᠢ ᠶᠢᠨ ᠠᠵᠢᠯᠯᠠᠭᠠᠨ ᠤ ᠬᠡᠮᠵᠢᠨ ᠪᠠᠶᠢᠴᠠᠭᠠᠯᠲᠠ ᠶᠢᠨ ᠪᠠᠶᠢᠳᠠᠯ᠂ ᠠᠶᠤᠯᠭᠦᠢ ᠦᠢᠯᠡᠳᠪᠦᠷᠢᠯᠡᠯ ᠵᠢᠴᠢ ᠪᠠᠭᠠᠵᠢ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠦᠷᠳᠡᠭᠡ ᠳᠤ ᠰᠠᠭᠤᠭ᠎ᠠ ᠠᠵᠢᠯᠳᠠᠨ ᠠᠵᠢᠯᠴᠢᠨ ᠲᠠᠢ ᠭᠦᠨᠵᠡᠭᠡᠢ ᠶᠠᠷᠢᠯᠴᠠᠵᠤ᠂ ᠵᠠᠯᠠᠭᠤ ᠨᠥᠬᠦᠳ ᠤᠨ ᠤᠰᠤᠨ ᠰᠢᠨᠵᠢᠯᠡᠭᠡᠨ ᠳᠤ ᠰᠡᠳᠬᠢᠯ ᠰᠢᠭᠤᠳᠤᠨ ᠦᠨᠳᠦᠰᠦᠨ ᠱᠠᠲᠤᠨ ᠳᠤ ᠦᠨᠳᠦᠰᠦᠯᠡᠵᠦ᠂ ᠤᠰᠤᠨ ᠰᠢᠨᠵᠢᠯᠡᠭᠡᠨ ᠤ ᠠᠵᠢᠯ ᠲᠦᠷᠦᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠦᠨᠳᠦᠰᠦᠨ ᠱᠠᠲᠤᠨ ᠤ ᠤᠰᠤᠨ ᠵᠦᠢ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠯᠵᠤ᠂ ᠪᠥᠬᠦ ᠥᠷᠲᠡᠭᠡ ᠶᠢᠨ ᠠᠵᠢᠯᠲᠠᠨ ᠠᠵᠢᠯᠴᠢᠨ ᠡᠨᠡ ᠵᠢᠯ ᠤᠨ ᠦᠶᠡᠷ ᠤᠨ ᠬᠤᠭᠤᠴᠠᠭᠠᠨ ᠤ ᠡᠯ᠎ᠡ ᠵᠦᠶ᠋ᠯ ᠤᠨ ᠤᠰᠤᠨ ᠰᠢᠨᠵᠢᠯᠡᠭᠡᠨ ᠤ ᠬᠡᠮᠵᠢᠨ ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ    ᠬᠢᠵᠦ᠂ ᠤᠰᠤᠨ ᠰᠢᠨᠵᠢᠯᠡᠭᠡᠨ ᠤ ᠦᠢᠯᠡᠴᠢᠯᠡᠭᠡ ᠪᠠ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ  ᠶᠢ ᠬᠦᠰᠡᠪᠡ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号