ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠤᠤ ᠴᠠᠩ ᠴᠢᠩ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠵᠠᠩ ᠬᠠᠢ ᠹᠧᠩ ᠨᠠᠷ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2022/7/25
    7 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠬᠠᠢ ᠹᠧᠩ ᠨᠠᠷ ᠤᠰᠤᠨ ᠠᠰᠢᠭᠯᠠᠯᠲᠠ ᠶᠢᠨ ᠲᠢᠩᠬᠢᠮ ᠳᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠵᠦ᠂ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ   ᠲᠣᠬᠢᠷᠠᠭᠤᠯᠤᠯᠲᠠ᠂ ᠬᠡᠷᠡᠭᠯᠡᠯᠲᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠲᠢᠩᠬᠢᠮ ᠤᠨ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠭᠠᠵᠠᠷ ᠲᠠᠰᠤᠭ ᠤᠨ ᠭᠤᠣᠯ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
W020220722608824852644.jpg
    ᠵᠤᠤ ᠴᠠᠩ ᠴᠢᠩ ᠠᠴᠠ ᠵᠠᠩ ᠬᠠᠢ ᠹᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠡᠳ᠋ ᠤᠨ ᠵᠠᠰᠠᠭ ᠠᠴᠠ ᠤᠰᠤᠨ ᠠᠰᠢᠭᠯᠠᠯᠲᠠ ᠶᠢᠨ ᠠᠵᠢᠯ ᠢ ᠳᠡᠮᠵᠢᠬᠦ ᠲᠤᠬᠠᠢ ᠳᠣᠣᠷᠠᠬᠢ ᠬᠡᠳᠦᠨ ᠰᠠᠨᠠᠭᠤᠯᠭ᠎ᠠ ᠶᠢ ᠳᠤᠷᠠᠳᠪᠠ ᠃ ᠨᠢᠭᠡ ᠳᠤ ᠪᠥᠬᠦ ᠣᠷᠣᠨ ᠤ ᠤᠰᠤᠨ ᠤ ᠲᠣᠣᠷ ᠤᠨ ᠲᠥᠯᠦᠪᠵᠢᠭᠦᠯᠭᠡ ᠵᠢᠴᠢ ᠰᠠᠪᠠ ᠭᠠᠵᠠᠷ ᠤᠨ ᠦᠶᠡᠷ ᠢ ᠰᠡᠷᠭᠡᠶᠢᠯᠡᠨ ᠵᠠᠰᠠᠵᠤ  ᠪᠠᠶᠢᠭᠤᠯᠬᠤ ᠵᠡᠷᠭᠡ ᠴᠢᠬᠤᠯᠠ ᠶᠡᠭᠡ ᠲᠥᠯᠦᠪᠵᠢᠭᠦᠯᠭᠡ ᠂ ᠳᠤᠮᠳᠠ ᠬᠡᠯᠪᠡᠷᠢ ᠶᠢᠨ ᠴᠥᠭᠦᠷᠥᠮ ᠤᠨ ᠠᠶᠤᠯ ᠢ ᠠᠷᠢᠯᠭᠠᠨ ᠂ ᠪᠠᠬᠢᠯᠡᠬᠦ ᠵᠡᠷᠭᠡ ᠴᠢᠬᠤᠯᠠ  ᠲᠥᠰᠦᠯ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠬᠤᠶᠠᠷ ᠲᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠤᠰᠤᠨ ᠠᠰᠢᠭᠯᠠᠯᠲᠠ ᠶᠢᠨ ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠶᠢ ᠪᠠᠲᠤᠯᠠᠬᠤ ᠳᠤ ᠬᠦᠴᠢᠷᠲᠡᠢ ᠪᠠᠶᠢᠬᠤ ᠪᠠ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠬᠢᠨᠠᠨ ᠲᠣᠭᠲᠠᠭᠠᠬᠤ ᠦᠷ᠎ᠡ ᠪᠦᠲᠦᠮᠵᠢ ᠳᠣᠣᠷ᠎ᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ  ᠃ᠭᠤᠷᠪᠠ ᠳᠤ ᠂ ᠤᠯᠤᠰ ᠤᠨ ᠡᠳ᠋ ᠤᠨ ᠵᠠᠰᠠᠭ ᠤᠨ ᠶᠠᠮᠤᠨ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠤᠰᠤᠨ ᠠᠰᠢᠭᠯᠠᠯᠲᠠ ᠶᠢᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ ᠵᠣᠯᠭᠠᠭᠤᠯᠬᠤ ᠶᠢ ᠪᠦᠷᠢᠯᠳᠦᠭᠦᠯᠵᠦ ᠂ ᠲᠥᠪ ᠤᠨ ᠪᠡᠯᠡ ᠮᠥᠩᠭᠦ ᠶᠢ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠲᠦᠷᠦᠯ ᠵᠦᠢᠯ ᠳᠤ ᠣᠷᠣᠭᠤᠯᠬᠤ ᠪᠠᠷ  ᠢᠳᠡᠪᠬᠢᠯᠡᠨ ᠴᠢᠷᠮᠠᠶᠢᠨ᠎ᠠ ᠃ ᠳᠥᠷᠪᠡ ᠳᠤ ᠤᠯᠤᠰ ᠤᠨ ᠮᠥᠩᠭᠦᠨ ᠭᠦᠢᠯᠭᠡᠭᠡᠨ ᠢᠶᠠᠷ ᠤᠰᠤᠨ ᠠᠰᠢᠭᠯᠠᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 3P ᠵᠡᠷᠭᠡ ᠣᠯᠠᠨ ᠵᠦᠢᠯ ᠤᠨ ᠪᠡᠯᠡ ᠲᠣᠬᠢᠷᠠᠭᠤᠯᠭ᠎ᠠ ᠶᠢᠨ ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠨ᠎ᠡ᠃
W020220722608824875610.jpg
    ᠵᠠᠩ ᠬᠠᠢ ᠹᠧᠩ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠠᠳᠠᠯᠢ ᠪᠠᠷ ᠦᠷᠭᠦᠯᠵᠢᠯᠡᠨ ᠳᠡᠮᠵᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠡᠳᠦᠨ ᠰᠠᠨᠠᠭᠤᠯᠭ᠎ᠠ ᠳᠤᠷᠠᠳᠪᠠ᠃ ᠨᠢᠭᠡ ᠳᠤ ᠢᠳᠡᠪᠬᠢᠲᠡᠢ ᠪᠠᠷ  ᠤᠷᠢᠳᠴᠢᠯᠠᠭᠰᠠᠨ ᠵᠠᠷᠤᠯᠭ᠎ᠠ ᠲᠣᠬᠢᠷᠠᠭᠤᠯᠬᠤ ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂  ᠲᠥᠰᠦᠪ ᠤᠨ ᠵᠣᠭᠤᠰ ᠥᠭᠬᠦ ᠠᠬᠢᠴᠠ ᠶᠢ ᠲᠦᠷᠭᠡᠳᠬᠡᠪᠡ ᠃ ᠬᠤᠶᠠᠷ ᠲᠤ᠂ ᠤᠰᠤᠨ ᠠᠰᠢᠭᠯᠠᠯᠲᠠ ᠶᠢᠨ ᠠᠵᠢᠯ ᠤᠨ ︽ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ᠂ ᠬᠢᠯᠠᠰ ᠴᠡᠭ︾ ᠤᠨ ᠲᠣᠭᠤᠷᠢᠨ ᠳᠤ  ᠲᠥᠰᠦᠪ ᠢ ᠲᠥᠯᠥᠪᠵᠢᠭᠦᠯᠵᠦ᠂ ᠲᠥᠰᠥᠪ ᠢ ᠨᠠᠶᠢᠷᠠᠭᠤᠯᠤᠨ ᠵᠣᠬᠢᠶᠠᠬᠤ ᠵᠢᠴᠢ ᠪᠡᠯᠡ ᠮᠥᠩᠭᠦ ᠲᠣᠬᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠡᠳ᠋ ᠤᠨ ᠵᠠᠰᠠᠭ ᠤᠨ ᠡᠷᠬᠡ ᠠᠵᠢᠯ ᠶᠠᠪᠤᠳᠠᠯ ᠤᠨ ᠡᠷᠬᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤᠨ ᠤ ᠠᠮᠤᠷ ᠲᠦᠪᠰᠢᠨ ᠂ ᠤᠰᠤᠨ ᠤ ᠪᠠᠲᠤᠯᠠᠭ᠎ᠠ ᠂ ᠤᠰᠤᠨ ᠤ ᠴᠢᠳᠠᠪᠤᠷᠢ ᠵᠡᠷᠭᠡ ᠲᠠᠯ᠎ᠠ ᠶᠢᠨ ᠪᠠᠭᠤᠷᠠᠢ ᠭᠤᠭᠴᠤᠭ᠎ᠠ ᠶᠢ ᠰᠢᠢᠳᠪᠦᠷᠢᠯᠡᠨ᠎ᠡ ᠃ ᠳᠥᠷᠪᠡ ᠳᠤ ︽ᠣᠯᠠᠨ ᠡᠰᠢᠲᠦ︾ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠳᠡᠭᠡᠭᠰᠢ ᠪᠠᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠡᠯᠡ ᠣᠷᠣᠭᠤᠯᠤᠯᠲᠠ᠂ ᠨᠢᠭᠡᠳᠦᠯᠲᠡᠢ ᠵᠢᠭᠡᠯᠡᠯᠭᠡ ᠪᠠᠷ ᠳᠥᠯᠥᠬᠦ᠂ ᠬᠥᠷᠥᠩᠭᠡ ᠮᠥᠩᠭᠦ ᠪᠠ ᠰᠠᠭᠤᠷᠢ ᠮᠥᠩᠭᠦ ᠵᠡᠷᠭᠡ ᠣᠯᠠᠨ ᠠᠷᠭ᠎ᠠ ᠵᠠᠮ ᠢᠶᠠᠷ ᠪᠡᠯᠡ ᠣᠷᠣᠭᠤᠯᠤᠨ᠎ᠠ᠃ ᠲᠠᠪᠤ ᠳᠤ ᠦᠵᠡᠯᠲᠡ ᠪᠠᠨ ᠬᠤᠪᠢᠷᠠᠭᠤᠯᠵᠤ ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢ ᠴᠢᠰᠤ ᠶᠡᠭᠦᠯᠡᠬᠦ ᠬᠡᠯᠪᠡᠷᠢ ᠠᠴᠠ ᠴᠢᠰᠤ ᠪᠦᠲᠦᠭᠡᠬᠦ ᠬᠡᠯᠪᠡᠷᠢ ᠶᠢᠨ ᠲᠣᠭᠲᠠᠴᠠ ᠪᠣᠯᠭᠠᠨ ᠬᠤᠪᠢᠷᠠᠭᠤᠯᠵᠤ ᠂ ᠤᠰᠤᠨ ᠤ ᠡᠬᠢ ᠪᠠᠶᠠᠯᠢᠭ ᠵᠡᠷᠭᠡ ᠶᠢ ᠵᠠᠬ᠎ᠠ ᠳᠡᠯᠭᠡᠭᠦᠷᠴᠢᠯᠡᠬᠦ ᠂ ᠠᠵᠤ ᠦᠢᠯᠡᠰᠵᠢᠭᠦᠯᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ᠃
W020220722608824889597.jpg
    ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠭᠡᠳ ᠤᠰᠤᠨ ᠠᠰᠢᠭᠯᠠᠯᠲᠠ ᠶᠢᠨ ᠲᠢᠩᠬᠢᠮ ᠨᠡᠪᠲᠡᠷᠡᠯᠴᠡᠭᠡ ᠪᠠᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠲᠣᠭᠲᠠᠴᠠ ᠶᠢ ᠴᠢᠷᠮᠠᠶᠢᠨ ᠰᠦᠪᠡᠭᠴᠢᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠮᠵᠢᠵᠦ ᠪᠠᠶᠢᠭ᠎ᠠ ᠤᠰᠤᠨ ᠠᠰᠢᠭᠯᠠᠯᠲᠠ ᠶᠢᠨ ᠲᠥᠷᠥᠯ ᠵᠦᠢᠯ ᠢ ᠢᠳᠡᠪᠬᠢᠲᠡᠢ ᠪᠠᠷ ᠰᠦᠪᠡᠭᠴᠢᠯᠡᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠥᠭᠵᠢᠯᠲᠡ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠣᠯᠠᠨ ᠵᠦᠢᠯ ᠤᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠬᠢᠨᠠᠮᠠᠭᠠᠢ ᠰᠤᠳᠤᠯᠤᠨ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠳᠤ ᠬᠠᠮᠲᠤᠪᠠᠷ ᠬᠦᠴᠦᠨ ᠨᠡᠮᠡᠷᠢᠯᠡᠨ᠎ᠡ᠃    ︵ᠲᠢᠩᠬᠢᠮ ᠤᠨ ᠡᠳ᠋ ᠮᠥᠩᠭᠦᠨ ᠤ ᠶᠠᠪᠤᠳᠠᠯ ᠤᠨ ᠭᠠᠵᠠᠷ ᠠᠴᠠ ᠡᠬᠡ ᠪᠢᠴᠢᠭ ᠬᠠᠩᠭᠠᠪᠠ︶  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号