ᠬᠠᠲᠤᠨ ᠭᠤᠣᠯ ᠤᠨ ᠰᠠᠨ ᠱᠧᠩ ᠨᠡᠶᠢᠲᠡ ᠶᠢᠨ ᠤᠰᠤᠨ ᠤ ᠰᠣᠶᠣᠯ ᠤᠨ ᠮᠦᠽᠧᠢ ᠶᠢ ᠳᠡᠭᠡᠭᠰᠢᠯᠡᠭᠦᠯᠬᠦ ᠦᠵᠡᠭᠦᠯᠦᠯᠭᠡ ᠶᠢᠨ ᠲᠥᠰᠦᠯ ᠳᠠᠭᠤᠰᠴᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄
2022/7/25
    7 ᠰᠠᠷ᠎ᠠ ᠶᠢᠨ 21 ᠤ ᠡᠳᠦᠷ᠂ ᠬᠠᠲᠤᠨ ᠭᠤᠣᠯ ᠤᠨ ᠰᠠᠨ ᠱᠧᠩ ᠨᠡᠶᠢᠲᠡ ᠶᠢᠨ ᠤᠰᠤᠨ ᠤ ᠰᠣᠶᠣᠯ ᠤᠨ ᠮᠦᠽᠧᠢ ᠶᠢ ᠳᠡᠭᠡᠭᠰᠢᠯᠡᠭᠦᠯᠬᠦ ᠦᠵᠡᠭᠦᠯᠦᠯᠭᠡ ᠶᠢᠨ ᠲᠥᠰᠦᠯ ᠢ ᠰᠢᠯᠭᠠᠨ ᠬᠤᠷᠢᠶᠠᠵᠤ᠂ ᠨᠡᠶᠢᠭᠡᠮ ᠳᠤ ᠬᠠᠨᠳᠤᠭᠤᠯᠤᠨ ᠨᠡᠭᠡᠭᠡᠯᠲᠡ ᠬᠢᠪᠡ᠃    ᠬᠠᠲᠤᠨ ᠭᠤᠣᠯ ᠤᠨ ᠰᠠᠨ ᠱᠧᠩ ᠨᠡᠶᠢᠲᠡ ᠶᠢᠨ ᠤᠰᠤᠨ ᠤ ᠰᠣᠶᠣᠯ ᠤᠨ ᠮᠦᠽᠧᠢ ᠶᠢᠨ ᠴᠣᠬᠤᠯᠠᠪᠤᠷᠢ ᠨᠢ 2014 ᠣᠨ ᠳᠤ ᠪᠠᠶᠢᠭᠤᠯᠤᠭᠳᠠᠵᠤ᠂ ᠬᠠᠲᠤᠨ ᠭᠤᠣᠯ ᠤᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠬᠠᠲᠤᠨ ᠭᠤᠣᠯ ᠤᠨ ᠰᠣᠶᠣᠯ᠂ ᠤᠰᠤᠨ ᠤ ᠪᠠᠶᠢᠳᠠᠯ ᠤᠨ ᠰᠤᠷᠭᠠᠨ ᠬᠥᠮᠦᠵᠢᠯ᠂ ᠤᠰᠤᠨ ᠠᠰᠢᠭᠯᠠᠯᠲᠠ ᠶᠢᠨ ᠮᠡᠷᠭᠡᠵᠢᠯ ᠤᠨ ᠰᠤᠳᠤᠯᠭᠠᠨ ᠪᠠ ᠰᠣᠯᠢᠯᠴᠠᠭ᠎ᠠ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠤᠰᠤᠨ ᠠᠰᠢᠭᠯᠠᠯᠲᠠ ᠶᠢᠨ ᠮᠦᠽᠧᠢ ᠶᠢ ᠪᠠᠶᠢᠭᠤᠯᠬᠤ ᠶᠢᠨ ᠲᠥᠯᠥᠭᠡ᠂ 2021 ᠣᠨ ᠤ 6 ᠰᠠᠷ᠎ᠠ ᠳᠤ ᠬᠠᠮᠢᠶᠠᠷᠤᠯᠲᠠ ᠶᠢᠨ ᠲᠥᠪ ᠠᠴᠠ ᠣᠷᠳᠣᠨ ᠳᠣᠲᠣᠷᠠᠬᠢ ᠳᠡᠯᠭᠡᠨ ᠦᠵᠡᠭᠦᠯᠬᠦ ᠪᠠᠶᠢᠷᠢᠯᠠᠭᠤᠯᠤᠯᠲᠠ ᠶᠢ ᠲᠠᠰ ᠳᠡᠪᠰᠢᠭᠦᠯᠦᠨ ᠥᠭᠡᠷᠡᠴᠢᠯᠡᠪᠡ᠃ ᠮᠦᠽᠧᠢ ᠳᠤ ᠭᠤᠣᠯᠳᠠᠭᠤ ᠳᠤᠮᠳᠠᠳᠤ ᠶᠢᠨ ᠦᠨᠳᠦᠰᠦᠲᠡᠨ ᠤ ᠥᠯᠥᠭᠡᠢ ︱ ᠬᠠᠲᠤᠨ ᠭᠤᠣᠯ ᠤᠨ ᠭᠠᠵᠠᠷ ᠵᠦᠢ᠂ ᠭᠠᠵᠠᠷ ᠤᠨ ᠲᠥᠷᠬᠦ ᠵᠡᠷᠭᠡ ᠪᠠᠶᠢᠭᠠᠯᠢ ᠶᠢᠨ ᠲᠣᠶᠢᠮᠣ ᠪᠠᠶᠢᠳᠠᠯ᠂ ᠬᠡᠷᠡᠯ ᠰᠠᠴᠤᠷᠠᠩᠭᠤᠢ ᠬᠠᠲᠤᠨ ᠭᠤᠣᠯ ᠤᠨ ᠰᠣᠶᠣᠯ ᠵᠢᠴᠢ ᠬᠠᠲᠤᠨ ᠭᠤᠣᠯ ᠤᠨ ᠪᠣᠷᠣᠳᠣᠬᠤᠢ ᠶᠢᠨ ᠲᠠᠯ᠎ᠠ ᠭᠠᠵᠠᠷ ᠲᠠᠬᠢ ᠬᠥᠭᠵᠢᠯᠲᠡ ᠬᠤᠪᠢᠷᠠᠯᠲᠠ᠂ ᠬᠠᠲᠤᠨ ᠭᠤᠣᠯ ᠤᠨ ᠤᠰᠤᠨ ᠤ ᠭᠠᠮᠰᠢᠭ ᠢ ᠵᠠᠰᠠᠬᠤ᠂ ᠬᠠᠲᠤᠨ ᠭᠤᠣᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠵᠠᠰᠠᠵᠤ ᠨᠡᠭᠡᠭᠡᠨ ᠠᠰᠢᠭᠯᠠᠬᠤ ᠠᠯᠤᠰ ᠬᠡᠲᠦ ᠶᠢᠨ ᠲᠥᠯᠦᠪᠵᠢᠭᠦᠯᠭᠡ ᠵᠡᠷᠭᠡ ᠠᠭᠤᠯᠭ᠎ᠠ ᠶᠢ ᠳᠡᠯᠭᠡᠨ ᠦᠵᠡᠭᠦᠯᠵᠡᠢ᠃    ᠬᠠᠲᠤᠨ ᠭᠤᠣᠯ ᠤᠨ ᠰᠠᠨ ᠱᠧᠩ ᠭᠤᠣᠯ ᠤᠨ ᠤᠰᠤᠨ ᠤ ᠰᠣᠶᠣᠯ ᠤᠨ ᠲᠦᠮᠡᠨ ᠪᠣᠳᠠᠰ ᠨᠢ 520 ᠲᠡᠭᠰᠢ ᠳᠥᠷᠪᠡᠯᠵᠢᠨ ᠮᠧᠲᠷ ᠲᠠᠯᠠᠪᠠᠶ  ᠲᠠᠢ᠂ ᠳᠡᠰ ᠳᠠᠷᠠᠭ᠎ᠠ ᠪᠠᠷ ᠢᠶᠠᠨ ︽ ᠡᠬᠢᠯᠡᠯᠲᠡ ᠶᠢᠨ ᠲᠢᠩᠬᠢᠮ ᠂ ᠶᠡᠭᠡ ᠭᠤᠣᠯ ᠤᠨ ᠢᠮ ᠲᠠᠮᠠᠭ᠎ᠠ ᠂ ᠭᠤᠣᠯ ᠮᠥᠷᠡᠨ ᠢ ᠵᠠᠰᠠᠬᠤ ᠠᠤᠭ᠎ᠠ ᠦᠢᠯᠡᠰ ᠂ ᠲᠡᠦᠬᠡ ᠶᠢᠨ ᠠᠤᠭ᠎ᠠ ᠬᠤᠪᠢᠷᠠᠯᠲᠠ ᠂ ᠡᠷᠡᠮᠡᠬᠡᠶᠢᠯᠡᠨ ᠲᠠᠪᠰᠢᠬᠤ ︾ ᠬᠡᠮᠡᠬᠦ 5 ᠣᠷᠣᠨ ᠲᠣᠭᠤᠷᠢᠭ ᠬᠤᠪᠢᠶᠠᠨ᠎ᠠ ᠃ ᠣᠷᠳᠣᠨ ᠤ ᠳᠣᠲᠣᠷᠠᠬᠢ   ᠦᠵᠡᠭᠦᠯᠦᠯᠭᠡ  ᠨᠢ ᠬᠠᠲᠤᠨ ᠭᠤᠣᠯ ᠤᠨ ᠰᠣᠶᠣᠯ ᠢᠶᠠᠷ ᠭᠤᠣᠯ ᠰᠢᠵᠢᠮ ᠪᠣᠯᠭᠠᠵᠤ᠂ 3D ᠪᠡᠶᠡᠲᠦ ᠳᠠᠷᠤᠮᠠᠯᠯᠠᠯ᠂ ᠮᠡᠳᠡᠭᠡ ᠵᠠᠩᠭᠢᠵᠢᠯᠲᠠ ᠶᠢᠨ ᠵᠠᠭᠤᠴᠢᠯᠠᠭᠤᠷ ᠤᠨ ᠪᠦᠷᠢᠨ ᠵᠠᠩᠭᠢ ᠶᠢᠨ ᠲᠤᠰᠬᠠᠯᠲᠠ ᠶᠢᠨ ᠮᠡᠷᠭᠡᠵᠢᠯ ᠢ ᠬᠡᠷᠡᠭᠯᠡᠵᠦ᠂ ᠵᠢᠷᠤᠭ ᠦᠰᠦᠭ ᠬᠠᠷᠢᠯᠴᠠᠨ ᠬᠥᠳᠡᠯᠦᠯᠴᠡᠬᠦ ᠂ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠠᠰᠢᠭᠯᠠᠨ ᠬᠠᠳᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠶᠠᠪᠤᠴᠠ ᠂ ᠬᠠᠳᠤᠨ ᠭᠤᠣᠯ ᠤᠨ ᠪᠠᠶᠢᠭᠠᠯᠢ ᠶᠢᠨ ᠲᠣᠶᠢᠮᠣ ᠪᠠᠶᠢᠳᠠᠯ ᠂ ᠡᠯᠡᠰᠦ ᠰᠢᠪᠠᠷ ᠤᠨ ᠣᠨᠴᠠᠯᠢᠭ ᠂ ᠦᠶᠡᠷ ᠤᠨ ᠵᠢᠮ᠎ᠡ ᠶᠣᠰᠣ ᠂ ᠭᠤᠣᠯ ᠤᠨ ᠵᠠᠮ ᠤᠨ ᠬᠤᠪᠢᠷᠠᠯᠲᠠ ᠵᠢᠴᠢ ᠪᠣᠷᠣᠳᠣᠬᠤᠢ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠳᠤᠨ ᠭᠤᠣᠯ ᠢ ᠵᠠᠰᠠᠬᠤ ᠂ ᠬᠠᠳᠤᠨ ᠭᠤᠣᠯ ᠤᠨ ᠤᠰᠤᠨ ᠠᠰᠢᠭᠯᠠᠯᠲᠠ ᠶᠢ ᠨᠡᠭᠡᠭᠡᠨ ᠬᠥᠭᠵᠢᠭᠦᠯᠦᠭᠰᠡᠨ ᠠᠮᠢᠳᠤᠯᠢᠭ ᠦᠢᠯᠡᠳᠦᠯᠭᠡ ᠶᠢ ᠪᠦᠬᠦ ᠲᠠᠯ᠎ᠠ ᠪᠠᠷ ᠂ ᠤᠯᠠᠨ ᠬᠠᠷᠠᠭᠠᠰᠤ ᠠᠴᠠ ᠦᠵᠡᠭᠴᠢᠳ ᠲᠤ ᠳᠡᠯᠭᠡᠨ ᠦᠵᠡᠭᠦᠯᠪᠡ ᠃    ᠬᠠᠲᠤᠨ ᠭᠤᠣᠯ ᠤᠨ ᠰᠠᠨ ᠱᠧᠩ ᠨᠡᠶᠢᠲᠡ ᠶᠢᠨ ᠤᠰᠤᠨ ᠤ ᠰᠣᠶᠣᠯ ᠤᠨ ᠮᠦᠽᠧᠢ ᠨᠢ ᠤᠯᠤᠰ ᠤᠨ ᠤᠰᠤᠨ ᠤ ᠪᠠᠶᠢᠳᠠᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠ ᠤᠰᠤᠨ ᠤ ᠰᠣᠶᠣᠯ ᠬᠢᠭᠡᠳ ᠤᠰᠤᠨ ᠤ ᠢᠨᠵᠧᠨᠧᠷᠢᠩ ᠤᠨ ᠠᠭᠤᠰᠤᠯᠳᠤᠨ ᠬᠥᠭᠵᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠭᠰᠠᠨ ᠤ ᠬᠤᠪᠢ ᠳᠤ᠂ ᠬᠠᠲᠤᠨ ᠭᠤᠣᠯ ᠤᠨ ᠦᠯᠢᠭᠡᠷ ᠢ ᠰᠠᠶᠢᠲᠤᠷ ᠶᠠᠷᠢᠵᠤ ᠂ ᠬᠠᠲᠤᠨ ᠭᠤᠣᠯ ᠤᠨ ᠰᠣᠶᠣᠯ ᠢ ᠤᠯᠠᠮᠵᠢᠯᠠᠵᠤ ᠂ ᠤᠰᠤᠨ ᠤ ᠪᠠᠶᠢᠳᠠᠯ ᠤᠨ ᠬᠥᠮᠦᠵᠢᠯ ᠢ ᠥᠷᠨᠢᠭᠦᠯᠵᠦ ᠂ ᠪᠦᠬᠦ ᠤᠯᠤᠰ ᠲᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠂ ᠬᠠᠲᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠭᠵᠢᠯᠲᠡ ᠶᠢᠨ ᠲᠡᠦᠬᠡ ᠶᠢ ᠳᠡᠯᠭᠡᠨ ᠦᠵᠡᠭᠦᠯᠬᠦ ᠴᠣᠩᠬᠤ ᠪᠣᠯᠤᠨ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠢ ᠰᠤᠳᠤᠯᠬᠤ ᠰᠢᠨ᠎ᠡ ᠰᠠᠭᠤᠷᠢᠨ ᠭᠠᠵᠠᠷ ᠂ ᠪᠣᠷᠣᠳᠣᠬᠤᠢ ᠶᠢᠨ ᠤᠰᠤᠨ ᠠᠰᠢᠭᠯᠠᠯᠲᠠ ᠶᠢᠨ ᠰᠣᠶᠣᠯ ᠢ ᠳᠡᠯᠭᠡᠨ ᠦᠵᠡᠭᠦᠯᠬᠦ ᠰᠢᠨ᠎ᠡ ᠪᠠᠶᠢᠷᠢᠰᠢᠯ ᠪᠣᠯᠬᠤ ᠨᠢ ᠯᠠᠪᠲᠠᠢ ᠶᠤᠮ ᠃    ︵ᠬᠠᠲᠤᠨ ᠭᠤᠣᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ᠠᠴᠠ ᠡᠬᠡ ᠪᠢᠴᠢᠭ ᠬᠠᠩᠭᠠᠨ᠎ᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号