ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠳᠠᠬᠢᠨ ᠬᠢᠨᠠᠬᠤ ᠠᠵᠢᠯ ᠢ ᠤᠷᠤᠭᠰᠢᠲᠠᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2022/7/27
    7 ᠳ᠋ᠤᠭᠠᠷ ᠰᠠᠷ᠎ᠠ ᠶᠢᠨ 25 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠠᠷᠪᠢᠯᠠᠨ ᠭᠠᠮᠨᠠᠵᠤ ᠬᠠᠮᠠᠭᠠᠯᠠᠬᠤ ᠲᠣᠪᠴᠢᠶ᠎ᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠳᠠᠬᠢᠨ ᠬᠢᠨᠠᠬᠤ ᠠᠵᠢᠯ ᠤᠨ ᠳᠤᠭᠤᠶᠢᠯᠠᠩ ᠢ ᠪᠦᠷᠢᠯᠳᠦᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠳᠠᠬᠢᠨ ᠬᠢᠨᠠᠵᠠᠢ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠲᠣᠰ ᠤᠳᠠᠭᠠᠨ ᠤ ᠲᠤᠬᠠᠢ ᠶᠢᠨ ᠲᠠᠯᠠᠪᠤᠷ ᠲᠤ ᠳᠠᠬᠢᠨ ᠬᠢᠨᠠᠬᠤ ᠠᠵᠢᠯ ᠢ ᠸᠢᠳᠢᠤ᠋ ᠶᠢᠨ ᠬᠡᠯᠪᠡᠷᠢ ᠪᠠᠷ ᠪᠡᠶᠡᠯᠡᠭᠦᠯᠪᠡ᠃ ᠬᠤᠷᠠᠯ ᠳᠡᠭᠡᠷ᠎ᠡ᠂ ᠳᠠᠬᠢᠨ ᠬᠢᠨᠠᠬᠤ ᠠᠵᠢᠯ ᠤᠨ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠬᠢᠨ ᠬᠢᠨᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠯᠠᠪᠯᠠᠨ ᠠᠰᠠᠭᠤᠵᠤ ᠰᠣᠯᠢᠯᠴᠠᠪᠠ︔ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠰᠥᠨᠢᠳ ᠪᠠᠷᠠᠭᠤᠨ ᠬᠤᠰᠢᠭᠤ ᠳᠠᠬᠢᠨ ᠬᠢᠨᠠᠬᠤ ᠳᠤᠭᠤᠶᠢᠯᠠᠩ ᠤᠨ ᠤᠰᠤ ᠠᠷᠪᠢᠯᠠᠬᠤ ᠠᠴᠢᠶᠠᠯᠠᠪᠤᠷᠢ ᠶᠢᠨ ᠨᠡᠷᠡᠰ ᠢ ᠰᠤᠭᠤᠴᠢᠨ ᠪᠠᠶᠢᠴᠠᠭᠠᠵᠤ᠂ ᠤᠰᠤᠯᠠᠯᠲᠠ ᠶᠢᠨ ᠣᠷᠣᠨ᠂ ᠠᠵᠤ ᠠᠬᠤᠶᠢᠯᠠᠯ᠂ ᠣᠯᠠᠨ ᠨᠡᠶᠢᠲᠡ ᠶᠢᠨ ᠪᠠᠶᠢᠭᠤᠯᠤᠮᠵᠢ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠳᠥᠷᠪᠡᠨ ᠲᠥᠷᠥᠯ ᠬᠡᠯᠪᠡᠷᠢ ᠶᠢᠨ ᠤᠰᠤ ᠠᠷᠪᠢᠯᠠᠬᠤ ᠬᠡᠯᠪᠡᠷᠢ ᠶᠢᠨ ᠠᠴᠢᠶᠠᠯᠠᠪᠤᠷᠢ ᠶᠢᠨ ᠤᠰᠤ ᠬᠡᠷᠡᠭᠯᠡᠬᠦ ᠬᠠᠮᠢᠶᠠᠷᠤᠯᠲᠠ᠂ ᠤᠰᠤ ᠠᠷᠪᠢᠯᠠᠬᠤ ᠳᠦᠷᠢᠮ ᠤᠨ ᠪᠠᠶᠢᠭᠤᠯᠤᠯᠲᠠ᠂ ᠤᠰᠤ ᠬᠡᠷᠡᠭᠯᠡᠬᠦ ᠬᠡᠮᠵᠢᠯᠲᠡ᠂ ᠤᠰᠤ ᠠᠷᠪᠢᠯᠠᠬᠤ ᠪᠡᠯᠡᠳᠬᠡᠮᠵᠢ ᠶᠢᠨ ᠥᠭᠡᠷᠡᠴᠢᠯᠡᠯᠲᠡ᠂ ᠤᠰᠤ ᠠᠷᠪᠢᠯᠠᠬᠤ ᠤᠬᠠᠭᠤᠯᠭ᠎ᠠ ᠵᠡᠷᠭᠡ ᠠᠵᠢᠯ ᠤᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠰᠢᠩᠭᠡᠬᠡᠨ ᠦᠢᠯᠡᠳᠦᠭᠰᠡᠨ ᠪᠥᠭᠡᠳ ᠬᠤᠷᠠᠯ ᠳᠡᠭᠡᠷ᠎ᠡ ᠨᠡᠪᠲᠡᠷᠡᠭᠦᠯᠵᠡᠢ᠃ ᠳᠠᠬᠢᠨ ᠬᠢᠨᠠᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠬᠤᠶᠠᠷ ᠬᠤᠰᠢᠭᠤ ᠰᠢᠶᠠᠨ ᠨᠢ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠶᠢᠯ ᠢᠶᠠᠷ ᠴᠢᠬᠤᠯᠠᠴᠢᠯᠠᠵᠤ ᠪᠠᠶᠢᠬᠤ ᠪᠥᠭᠡᠳ ᠬᠢᠯᠠᠰ ᠴᠡᠭ ᠨᠢ ᠲᠣᠪᠣᠶᠢᠮ᠎ᠠ᠂ ᠦᠷ᠎ᠡ ᠪᠦᠲᠦᠮᠵᠢ ᠨᠢ ᠢᠯᠡᠷᠬᠡᠢ ᠪᠠᠶᠢᠵᠤ᠂ ᠤᠰᠤᠨ ᠠᠰᠢᠭᠯᠠᠯᠲᠠ ᠶᠢᠨ ᠶᠠᠮᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ᠢᠩᠭᠢᠭᠡᠳ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠠᠷᠪᠢᠯᠠᠨ ᠭᠠᠮᠨᠠᠵᠤ ᠬᠠᠮᠠᠭᠠᠯᠠᠬᠤ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ 11 ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠳᠠᠬᠢᠨ ᠬᠢᠨᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃    2017 ᠣᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠪᠠᠶᠢᠭᠤᠯᠤᠯ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠯᠭᠠᠨ ᠬᠢᠨᠠᠬᠤ ᠶᠢ ᠴᠢᠩᠭᠠᠳᠬᠠᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷᠠᠯᠲᠠ ᠶᠢ ᠵᠠᠳᠠᠯᠬᠤ ᠪᠠᠷ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠮᠡᠷᠭᠡᠵᠢᠯ ᠤᠨ ᠦᠢᠯᠡᠴᠢᠯᠡᠭᠡ ᠪᠠᠷ ᠶᠠᠰᠤ ᠴᠢᠨᠠᠷ ᠢ ᠦᠨᠡᠨᠬᠦ ᠪᠠᠲᠤᠯᠠᠵᠤ᠂ ᠤᠰᠤ ᠠᠷᠪᠢᠯᠠᠬᠤ ᠤᠬᠠᠭᠤᠯᠭ᠎ᠠ ᠪᠠᠷ ᠠᠭᠤᠷ ᠠᠮᠢᠰᠬᠤᠯ ᠢ ᠪᠣᠶ ᠪᠣᠯᠭᠠᠨ ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠲᠦᠯᠬᠢᠨ ᠠᠬᠢᠭᠤᠯᠪᠠ᠃ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠳᠣᠲᠣᠷ᠎ᠠ᠂ ᠨᠡᠶᠢᠲᠡ 57 ᠬᠤᠰᠢᠭᠤ ᠰᠢᠶᠠᠨ ︵ᠬᠤᠲᠠ᠂ ᠲᠣᠭᠤᠷᠢᠭ︶ ᠢ ᠪᠠᠶᠢᠭᠤᠯᠤᠨ ᠳᠠᠭᠤᠰᠬᠠᠵᠤ᠂ ᠪᠠᠶᠢᠭᠤᠯᠤᠨ ᠪᠦᠲᠦᠭᠡᠭᠰᠡᠨ ᠨᠣᠷᠮ᠎ᠠ  ᠨᠢ 55% ᠬᠦᠷᠴᠦ᠂ ᠤᠰᠤᠨ ᠠᠰᠢᠭᠯᠠᠯᠲᠠ ᠶᠢᠨ ᠶᠠᠮᠤᠨ ᠤ ᠲᠣᠭᠲᠠᠭᠠᠭᠰᠠᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号