ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠨ ᠤ ᠶᠠᠪᠤᠳᠠᠯ ᠤᠨ ᠬᠡᠯᠲᠡᠰ ᠤᠨ ᠨᠠᠮ ᠤᠨ ᠡᠭᠦᠷ᠂ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠲᠥᠪ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ ᠬᠠᠮᠲᠤᠷᠠᠨ《ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠡᠭᠦᠷᠢᠳᠡ ᠨᠠᠮ ᠢᠶᠠᠨ ᠳᠠᠭᠠᠬᠤ》ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/7
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠵᠦ᠂ ᠨᠠᠮ  ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ 7 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠳᠠᠨ ᠤ ᠶᠠᠪᠤᠳᠠᠯ  ᠤᠨ ᠭᠠᠵᠠᠷ ᠤᠨ ᠨᠠᠮ ᠤᠨ ᠡᠭᠦᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠳᠠᠨ ᠤ ᠶᠠᠪᠤᠳᠠᠯ ᠤᠨ ᠬᠡᠯᠲᠡᠰ ᠤᠨ ᠨᠠᠮ ᠤᠨ ᠡᠭᠦᠷ᠂ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠲᠥᠪ ᠤᠨ ᠠᠵᠢᠯᠳᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ ᠤᠳ ᠬᠥᠬᠡᠬᠤᠲᠠ ᠶᠢᠨ ᠳ᠋ᠦᠸᠧ ᠰᠦᠩ ᠨᠢᠶᠠᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ ᠳᠤ 《ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠡᠭᠦᠷᠢᠳᠡ ᠨᠠᠮ ᠢᠶᠠᠨ ᠳᠠᠭᠠᠬᠤ》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃
W020220707621466546652.jpg
    ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠳᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ ᠤᠨ ᠱᠦᠵᠢ᠂ ᠠᠵᠢᠯᠳᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠵᠠᠩ ᠬᠤᠩ ᠸᠧᠢ ᠶᠢᠨ ᠲᠠᠭᠠᠭᠤᠯᠭ᠎ᠠ ᠳᠣᠣᠷ᠎ᠠ᠂ ᠲᠤᠬᠠᠢ ᠶᠢᠨ ᠲᠠᠯᠠᠪᠠᠢ ᠶᠢᠨ ᠨᠠᠮ ᠤᠨ ᠭᠡᠰᠢᠭᠦᠨ ᠳ᠋ᠦᠸᠧ ᠰᠦᠩ ᠨᠢᠶᠠᠨ ᠤ ᠬᠠᠭᠤᠴᠢᠨ ᠰᠠᠭᠤᠴᠠ ᠶᠢ ᠲᠣᠭᠤᠷᠢᠨ ᠦᠵᠡᠵᠦ᠂ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠬᠤᠪᠢᠰᠬᠠᠯᠲᠤ ᠦᠢᠯᠡ ᠠᠵᠢᠯᠯᠠᠭ᠎ᠠ ᠶᠢ ᠬᠠᠮᠲᠤ ᠪᠠᠷ ᠰᠤᠷᠤᠯᠴᠠᠵᠤ᠂ ᠬᠤᠪᠢᠰᠬᠠᠯ ᠤᠨ ᠤᠯᠠ ᠮᠥᠷ ᠢ ᠡᠷᠢᠯᠬᠢᠯᠡᠵᠦ᠂ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠥᠷᠨᠢᠭᠦᠯᠪᠡ᠃ ᠳᠡᠯᠭᠡᠨ ᠦᠵᠡᠭᠦᠯᠬᠦ ᠲᠠᠰᠤᠭ ᠲᠤ᠂ ᠪᠣᠳᠠᠲᠤ ᠪᠣᠳᠠᠰ ᠤᠳ᠂ ᠭᠡᠷᠡᠯ ᠵᠢᠷᠤᠭ ᠤᠳ ᠨᠢ ᠳ᠋ᠦᠸᠧ ᠰᠦᠩ ᠨᠢᠶᠠᠨ ᠨᠥᠬᠦᠷ ᠤᠨ ᠣᠬᠤᠷᠬᠠᠨ ᠪᠥᠭᠡᠳ ᠭᠡᠷᠡᠯ ᠰᠠᠴᠤᠷᠠᠩᠭᠤᠢ ᠨᠢᠭᠡ ᠨᠠᠰᠤ ᠶᠢ ᠦᠨᠡᠨ ᠪᠣᠳᠠᠲᠠᠢ ᠲᠡᠮᠳᠡᠭᠯᠡᠵᠦ ᠪᠠᠶᠢᠳᠠᠭ᠃ ᠭᠡᠷᠡᠯ ᠵᠢᠷᠤᠭ᠂ ᠦᠯᠡᠳᠡᠭᠡᠭᠰᠡᠨ ᠶᠠᠭᠤᠮ᠎ᠠ ᠪᠣᠯᠤᠨ ᠪᠢᠴᠢᠮᠡᠯ ᠡᠬᠡ ᠵᠡᠷᠭᠡ ᠪᠣᠳᠠᠲᠤ ᠪᠣᠳᠠᠰ  ᠢᠶᠠᠷ ᠳᠠᠮᠵᠢᠭᠤᠯᠤᠨ᠂ ᠲᠤᠬᠠᠢ ᠶᠢᠨ ᠲᠠᠯᠠᠪᠠᠢ ᠶᠢᠨ ᠨᠠᠮ ᠤᠨ ᠭᠡᠰᠢᠭᠦᠳ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠶᠢ ᠨᠡᠩ ᠭᠦᠨᠵᠡᠭᠡᠢ ᠣᠶᠢᠯᠠᠭᠠᠪᠠ᠃ ᠳ᠋ᠥ᠋ᠸᠧ ᠰᠦᠩ ᠨᠢᠶᠠᠨ ᠦᠷᠡᠭᠳᠡᠭᠰᠡᠨ ᠪᠠᠭᠠᠲᠤᠷᠴᠤᠳ ᠤᠨ ᠨᠢᠭᠡ ᠰᠡᠳᠬᠢᠯ ᠢᠶᠠᠷ ᠨᠠᠮ ᠳᠠᠭᠠᠨ ᠵᠢᠳᠬᠦᠵᠦ᠂ ᠦᠷᠡᠭᠳᠡᠯ ᠰᠦᠢᠳᠦᠯ ᠠᠴᠠ ᠠᠶᠤᠬᠤ ᠦᠭᠡᠢ ᠪᠠᠶᠢᠬᠤ ᠬᠤᠪᠢᠰᠬᠠᠯᠲᠤ ᠵᠣᠷᠢᠭ ᠰᠠᠨᠠᠭ᠎ᠠ ᠶᠢ ᠦᠨᠡᠨ ᠬᠦ ᠣᠶᠢᠯᠠᠭᠠᠬᠤ ᠶᠢᠨ ᠬᠠᠮᠲᠤ ᠳ᠋ᠥ᠋ᠸᠧ ᠰᠦᠩ ᠨᠢᠶᠠᠨ ᠦᠷᠡᠭᠳᠡᠭᠰᠡᠨ ᠪᠠᠭᠠᠲᠤᠷᠴᠤᠳ ᠤᠨ ᠦᠨᠡᠨᠴᠢ ᠰᠢᠳᠤᠷᠭᠤ ᠬᠤᠪᠢᠷᠠᠰᠢ ᠦᠭᠡᠢ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠪᠠ ᠦᠬᠦᠬᠦ ᠶᠢ ᠤᠨᠲᠠᠬᠤ ᠶᠢᠨ ᠲᠡᠳᠦᠢ ᠪᠠᠷ ᠦᠵᠡᠬᠦ ᠲᠥᠪ ᠴᠢᠬᠡᠴᠢ ᠲᠥᠪ ᠰᠤᠷᠲᠠᠯ ᠢ ᠨᠡᠩ ᠭᠦᠨᠵᠡᠭᠡᠢ ᠣᠶᠢᠯᠠᠭᠠᠬᠤ ᠬᠡᠷᠡᠭᠲᠡᠢ᠃
W020220707621466567281.jpg
    ᠲᠠᠷᠠᠭ᠎ᠠ ᠳᠤ  ᠨᠢ᠂ ᠪᠦᠬᠦ ᠨᠥᠬᠦᠳ ᠪᠠᠷᠠᠭᠤᠨ ᠨᠢᠳᠤᠷᠭ᠎ᠠ ᠪᠠᠨ ᠥᠨᠳᠥᠷ ᠡᠷᠭᠦᠵᠦ᠂ ᠲᠢᠩᠬᠢᠮ ᠤᠨ ᠠᠵᠢᠯᠳᠠᠨ  ᠤ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠯᠢᠦ ᠶᠠᠨ ᠽᠦᠩ ᠤᠨ ᠲᠠᠭᠠᠭᠤᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠬᠤ ᠦᠶ᠎ᠡ ᠶᠢᠨ ᠲᠠᠩᠭᠠᠷᠢᠭ ᠢᠶᠠᠨ ᠲᠠᠬᠢᠨ ᠤᠩᠰᠢᠪᠠ᠃
W020220707621466570725.jpg
    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠲᠡᠦᠬᠡ ᠪᠠᠨ ᠪᠠᠲᠤ ᠴᠡᠭᠡᠵᠢᠯᠡᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ 《 ᠳᠥᠷᠪᠡᠨ ᠤᠬᠠᠮᠰᠠᠷ 》 ᠢᠶᠠᠨ ᠴᠢᠩᠭᠠᠳᠬᠠᠨ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠠᠵᠢᠯ  ᠤᠨ ᠳᠤᠮᠳᠠ ᠪᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠴᠠᠭ ᠦᠶ᠎ᠡ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ ᠪᠠᠨ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠰᠢᠯᠢᠳᠡᠭ ᠠᠮᠵᠢᠯᠲᠠ  ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号