ᠮᠠᠨ ᠤ ᠣᠷᠣᠨ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ〈ᠠᠷᠪᠠᠨ ᠳᠥᠷᠪᠡᠳᠦᠭᠡᠷ ᠲᠠᠪᠤᠨ ᠵᠢᠯ〉 ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ 》 ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠪᠠ᠃
ᠨᠡᠶᠢᠲᠡᠯᠡᠭᠰᠡᠨ ᠴᠠᠭ᠄
2022/7/8
    ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂《ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ》ᠰᠢᠨ᠎ᠡ ᠴᠠᠭ ᠦᠶ᠎ᠡ ᠶᠢᠨ ᠤᠰᠤ ᠵᠠᠰᠠᠬᠤ ᠰᠡᠳᠬᠢᠮᠵᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠮᠠᠨ ᠤ ᠣᠷᠣᠨ ᠤ《ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠠᠬᠢ ᠤᠰᠤ  ᠶᠢ ᠠᠷᠪᠢᠯᠠᠨ ᠬᠡᠷᠡᠭᠯᠡᠬᠦ ᠠᠵᠢᠯ ᠢ ᠪᠦᠬᠦᠯᠢ ᠴᠣᠭᠴᠠ ᠪᠠᠷ ᠲᠥᠯᠥᠪᠵᠢᠭᠦᠯᠦᠨ ᠪᠠᠶᠢᠷᠢᠯᠠᠭᠤᠯᠬᠤ ᠶᠢᠨ ᠲᠥᠯᠥᠭᠡ᠂ 2022 ᠣᠨ ᠤ 3 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ  ᠶᠢᠨ ᠲᠢᠩᠬᠢᠮ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 〈 ᠠᠷᠪᠠᠨ ᠳᠥᠷᠪᠡᠳᠦᠭᠡᠷ ᠲᠠᠪᠤᠨ ᠵᠢᠯ〉 ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ 》( ᠳᠣᠷᠣᠭᠰᠢ《ᠲᠥᠯᠥᠪᠵᠢᠭᠦᠯᠭᠡ》 ᠭᠡᠵᠦ ᠲᠣᠪᠴᠢᠯᠠᠨ᠎ᠠ ) ᠶᠢ ᠳᠠᠷᠤᠮᠠᠯᠯᠠᠨ ᠲᠠᠷᠬᠠᠭᠠᠪᠠ᠃ ᠮᠠᠨ ᠤ ᠣᠷᠣᠨ  ᠤ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠰᠤ ᠠᠷᠪᠢᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃  《ᠲᠥᠯᠥᠪᠵᠢᠭᠦᠯᠭᠡ 》 ᠳᠤ ᠮᠠᠨ ᠤ ᠣᠷᠣᠨ ᠤ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ  ᠶᠢᠨ ᠬᠤᠭᠤᠴᠠᠭᠠᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠶᠡᠷᠦᠩᠬᠡᠶ ᠬᠠᠷᠠᠯᠲᠠ ᠶᠢ ᠲᠣᠳᠣᠷᠬᠠᠶᠢᠯᠠᠪᠠ᠂ ᠲᠤᠬᠠᠶᠢᠯᠠᠪᠠᠯ 2025 ᠣᠨ ᠪᠣᠯᠲᠠᠯ᠎ᠠ᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠵᠠᠬ᠎ᠠ ᠳᠡᠯᠭᠡᠭᠦᠷ ᠤᠨ ᠲᠣᠭᠲᠠᠴᠠ᠂ ᠪᠠᠷᠢᠮᠵᠢᠶ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠰᠤ ᠬᠡᠷᠡᠭᠯᠡᠬᠦ    ᠬᠡᠯᠪᠡᠷᠢ ᠶᠢ ᠠᠷᠪᠢᠯᠠᠨ ᠡᠷᠴᠢᠮᠵᠢᠭᠦᠯᠬᠦ ᠳᠠᠰᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠤᠰᠤ ᠠᠷᠪᠢᠯᠠᠨ ᠬᠡᠷᠡᠭᠯᠡᠬᠦ ᠰᠠᠭᠤᠷᠢ ᠪᠡᠯᠡᠳᠬᠡᠮᠵᠢ ᠶᠢᠨ ᠳᠤᠲᠠᠭᠳᠠᠯ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠭᠤᠷᠠᠶ ᠲᠠᠯ᠎ᠠ ᠶᠢ ᠢᠯᠡᠳᠲᠡ ᠰᠠᠶᠢᠵᠢᠷᠠᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠪᠥᠬᠦ ᠣᠷᠣᠨ ᠤ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 12 % ᠠᠴᠠ ᠳᠡᠭᠡᠭᠰᠢ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13 % ᠪᠠᠷ ᠪᠠᠭᠤᠷᠠᠭᠤᠯᠤᠨ᠎ᠠ  ᠃ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ  ᠶᠢᠨ ᠢᠯᠡᠳᠬᠡᠮᠵᠢ ᠶᠢ 0 . 579 ᠠᠴᠠ ᠳᠡᠭᠡᠭᠰᠢ ᠳᠤ ᠬᠦᠷᠦᠭᠦᠯᠵᠦ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ ᠶᠢ 10 % ᠶᠢᠨ ᠳᠣᠲᠣᠷ᠎ᠠ ᠬᠢᠵᠠᠭᠠᠷᠯᠠᠨ᠎ᠠ  ᠃    ᠮᠠᠨ ᠤ ᠣᠷᠣᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ 《 ᠲᠥᠯᠥᠪᠵᠢᠭᠦᠯᠭᠡ 》 ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠶᠤᠯ ᠥᠬᠡᠶ ᠠᠰᠢᠭᠯᠠᠬᠤ ᠪᠠᠷ ᠬᠠᠷᠠᠯᠲᠠ ᠪᠣᠯᠭᠠᠨ᠂ ᠲᠠᠷᠢᠶᠠᠯᠠᠩ᠂ ᠠᠵᠤ ᠦᠶᠯᠡᠳᠪᠦᠷᠢ ᠪᠠ ᠬᠤᠲᠠ ᠪᠠᠯᠭᠠᠰᠤ ᠶᠢᠨ ᠠᠮᠢᠳᠤᠷᠠᠯ ᠤᠨ ᠤᠰᠤ ᠠᠷᠪᠢᠯᠠᠬᠤ ᠵᠢᠴᠢ ᠡᠩ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠬᠤ ᠪᠠᠷ ᠭᠤᠤᠯᠳᠠᠯᠭ᠎ᠠ ᠪᠣᠯᠭᠠᠵᠤ᠂ ᠤᠰᠤ ᠠᠷᠪᠢᠯᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠣᠯᠭᠠᠵᠤ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤ ᠠᠷᠪᠢᠯᠠᠬᠤ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠵᠦ᠂ ᠤᠰᠤ ᠠᠷᠪᠢᠯᠠᠬᠤ ᠬᠡᠯᠪᠡᠷᠢ ᠶᠢᠨ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠣᠶ ᠪᠣᠯᠭᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ  ᠃  《ᠲᠥᠯᠥᠪᠵᠢᠭᠦᠯᠭᠡ》 ᠶᠢᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤᠰᠤ ᠠᠷᠪᠢᠯᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠪᠦᠬᠦ ᠲᠠᠯ᠎ᠠ ᠪᠠᠷ ᠨᠢᠭᠡᠳᠦᠯᠲᠡᠶ ᠲᠥᠯᠥᠪᠯᠡᠨ᠂ ᠠᠶᠢᠮᠠᠭ ᠬᠤᠲᠠ᠂ ᠬᠤᠰᠢᠭᠤ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠤᠰ ᠬᠠᠷᠢᠶ᠎ᠠ ᠣᠷᠣᠨ ᠤ ᠪᠠᠨ ᠤᠰᠤ ᠠᠷᠪᠢᠯᠠᠬᠤ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ  ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠢᠨᠠᠯᠲᠠ ᠲᠠᠯᠪᠢᠨ ᠵᠢᠯᠣᠭᠤᠳᠴᠤ᠂ ᠨᠡᠶᠢᠯᠡᠮᠡᠯ ᠬᠦᠴᠦᠨ ᠢ ᠪᠠᠳᠠᠷᠠᠭᠤᠯᠤᠨ ᠤᠰᠤ ᠠᠷᠪᠢᠯᠠᠬᠤ ᠬᠡᠯᠪᠡᠷᠢ ᠵᠢᠨ‌ᠨᠡᠶᠢᠭᠡᠮ ᠤᠨ ᠪᠠᠶᠢᠭᠤᠯᠤᠯᠲᠠ ᠶᠢ ᠬᠠᠮᠲᠤᠪᠠᠷ ᠲᠦᠯᠬᠢᠨ ᠠᠬᠢᠭᠤᠯᠤᠨ᠎ᠠ᠃ ᠤᠰᠤ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠪᠦᠬᠦ ᠨᠡᠶᠢᠭᠡᠮ ᠤᠨ ᠤᠰᠤ ᠬᠡᠷᠡᠭᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠂ ᠤᠰᠤ ᠠᠷᠪᠢᠯᠠᠬᠤ ᠬᠢᠵᠠᠭᠠᠷᠯᠠᠬᠤ ᠪᠠᠷᠢᠮᠵᠢᠶ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠤᠰᠤ ᠠᠷᠪᠢᠯᠠᠬᠤ ᠭᠤᠣᠯ ᠪᠠᠷᠢᠮᠵᠢᠶ᠎ᠠ ᠶᠢ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠬᠤ ᠪᠠ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠤᠨ᠎ᠠ ᠃ ᠤᠰᠤ ᠠᠷᠪᠢᠯᠠᠬᠤ ᠶᠢ ᠨᠡᠶᠢᠭᠡᠮ ᠤᠨ ᠤᠬᠠᠭᠤᠯᠭ᠎ᠠ ᠳᠤ ᠣᠷᠣᠭᠤᠯᠵᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠢᠨᠠᠯᠲᠠ ᠲᠠᠯᠪᠢᠯᠲᠠ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠤᠰᠤ ᠠᠷᠪᠢᠯᠠᠬᠤ ᠶᠢ ᠣᠯᠠᠨ ᠲᠠᠯ᠎ᠠ ᠠᠴᠠ ᠬᠠᠮᠲᠤ ᠪᠠᠷ ᠵᠠᠰᠠᠬᠤ ᠶᠢ ᠠᠬᠢᠭᠤᠯᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠡᠯ᠎ᠡ ᠵᠦᠶᠯ ᠤᠨ ᠬᠠᠷᠠᠯᠲᠠ ᠶᠢ ᠯᠠᠪᠳᠠᠭᠤᠨ ᠢᠶᠠᠷ ᠪᠡᠶᠡᠯᠡᠭᠦᠯᠦᠨ᠎ᠡ  ᠃  ( ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠡᠬᠡ ᠪᠢᠴᠢᠭ ᠬᠠᠩᠭᠠᠪᠠ ) ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号