ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠨᠡᠷ᠎ᠡ ᠮᠡᠳᠡᠭᠦᠯᠬᠦ ᠠᠯᠪᠠᠨ ᠵᠠᠷ ︵ᠥᠪᠥᠷ ᠮᠣᠩᠭᠤᠯ ᠤᠨ ᠶᠡᠭᠡ ᠮᠥᠷᠡᠨ ᠶᠡᠭᠡ ᠭᠤᠤᠯ ᠤᠨ ᠤᠰᠤᠨ ᠰᠢᠨᠵᠢᠯᠡᠭᠡᠨ ᠢ ᠬᠢᠨᠠᠨ ᠬᠡᠮᠵᠢᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ᠂ ᠹᠠᠩ ᠨᠢᠦ ᠭᠧᠦ ᠲᠣᠰᠬᠤᠨ ᠤ ᠤᠰᠤᠨ ᠲᠦᠪᠰᠢᠨ ᠤ ᠥᠷᠲᠡᠭᠡᠨ ᠤ ᠬᠠᠵᠠᠭᠤ ᠶᠢᠨ ᠭᠤᠭᠤᠵᠢᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠤᠰᠤᠨ ᠰᠢᠨᠵᠢᠯᠡᠭᠡᠨ ᠤ ᠠᠳᠠᠯᠢᠳᠬᠠᠨ ᠬᠡᠮᠵᠢᠬᠦ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ︶
ᠨᠡᠶᠢᠲᠡᠯᠡᠭᠰᠡᠨ ᠴᠠᠭ᠄
2022/8/10
ᠨᠢᠭᠡ᠂ ᠲᠥᠷᠥᠯ ᠵᠦᠶᠯ ᠤᠨ ᠲᠣᠶᠢᠮᠣᠴᠢᠯᠠᠯ    1 . ᠲᠥᠷᠥᠯ ᠵᠦᠶᠯ ᠤᠨ ᠨᠡᠷᠡᠶᠢᠳᠦᠯ᠄ ᠥᠪᠥᠷ ᠮᠣᠩᠭᠤᠯ ᠤᠨ ᠶᠡᠭᠡ ᠮᠥᠷᠡᠨ ᠶᠡᠭᠡ ᠭᠤᠤᠯ ᠤᠨ ᠤᠰᠤᠨ ᠰᠢᠨᠵᠢᠯᠡᠭᠡᠨ ᠢ ᠬᠢᠨᠠᠨ ᠬᠡᠮᠵᠢᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ ᠂ ᠹᠠᠩ ᠨᠢᠦ ᠭᠧᠦ ᠲᠣᠰᠬᠤᠨ ᠤ ᠤᠰᠤᠨ ᠲᠦᠪᠰᠢᠨ ᠤ ᠥᠷᠲᠡᠭᠡᠨ ᠤ ᠬᠠᠵᠠᠭᠤ ᠶᠢᠨ ᠭᠤᠭᠤᠵᠢᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠤᠰᠤᠨ ᠰᠢᠨᠵᠢᠯᠡᠭᠡᠨ ᠤ ᠠᠳᠠᠯᠢᠳᠬᠠᠨ ᠬᠡᠮᠵᠢᠬᠦ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠃    2 . ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄    ︵1︶ ᠬᠥᠮᠦᠨ ᠤ ᠬᠦᠴᠦ ᠪᠠᠷ ᠤᠰᠤᠨ ᠲᠦᠪᠰᠢᠨ ᠢ ᠠᠵᠢᠭᠯᠠᠨ ᠬᠡᠮᠵᠢᠬᠦ  ᠂ ᠷᠠᠳᠠᠷ ᠤᠨ ᠤᠰᠤᠨ ᠲᠦᠪᠰᠢᠨ ᠤ ᠬᠡᠮᠵᠢᠭᠦᠷ ᠤᠨ ᠥᠨᠳᠥᠷ᠂ ᠳᠤᠮᠳᠠ᠂ ᠳᠣᠤᠷ᠎ᠠ ᠤᠰᠤᠨ ᠤ ᠲᠤᠭ᠎ᠠ ᠪᠠᠷᠢᠮᠲᠠ ᠲᠠᠢ ᠬᠠᠷᠢᠴᠠᠭᠤᠯᠬᠤ ᠶᠢᠨ ᠬᠠᠮᠲᠤ ᠷᠠᠳᠠᠷ ᠤᠨ ᠤᠰᠤᠨ ᠲᠦᠪᠰᠢᠨ ᠤ ᠬᠡᠮᠵᠢᠭᠦᠷ ᠤᠨ ᠪᠣᠯᠵᠣᠯᠲᠤ ᠲᠤᠭ᠎ᠠ ᠳᠤ ᠲᠣᠬᠢᠷᠠᠭᠤᠯᠤᠯᠲᠠ ᠬᠢᠵᠦ᠂ ᠠᠦ᠋ᠲ᠋ᠣ᠋ ᠬᠢᠨᠠᠨ ᠬᠡᠮᠵᠢᠯᠲᠡ ᠶᠢᠨ ᠤᠰᠤᠨ ᠲᠦᠪᠰᠢᠨ ᠤ ᠲᠤᠭ᠎ᠠ ᠪᠠᠷᠢᠮᠲᠠ ᠶᠢ ᠤᠰᠤᠨ ᠵᠦᠶ ᠶᠢᠨ ᠬᠠᠮᠢᠶ᠎ᠠ ᠪᠥᠬᠦᠶ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠦᠯᠦᠨ᠎ᠡ᠃    ︵2︶ᠤᠷᠤᠰᠴᠠ ᠶᠢ ᠬᠥᠮᠦᠨ ᠤ ᠬᠦᠴᠦ ᠪᠠᠷ ᠬᠡᠮᠵᠢᠨ ᠪᠠᠶᠢᠴᠠᠭᠠᠵᠤ᠂ ᠲᠣᠭᠲᠠᠮᠠᠯ ᠬᠡᠯᠪᠡᠷᠢ ᠶᠢᠨ ᠤᠷᠤᠰᠬᠠᠯ ᠢ ᠬᠡᠮᠵᠢᠬᠦ ᠲᠥᠬᠦᠭᠡᠷᠦᠮᠵᠢ ᠵᠡᠷᠭᠡ ᠬᠢᠨᠠᠨ ᠬᠡᠮᠵᠢᠭᠰᠡᠨ ᠲᠤᠭ᠎ᠠ ᠪᠠᠷᠢᠮᠲᠠ ᠲᠠᠢ ᠬᠠᠷᠢᠴᠠᠭᠤᠯᠤᠨ ᠵᠠᠳᠠᠯᠤᠯᠲᠠ ᠬᠢᠬᠦ ᠶᠢᠨ ᠬᠠᠮᠲᠤ ᠲᠣᠭᠲᠠᠮᠠᠯ ᠤᠷᠤᠰᠬᠠᠯ ᠢ ᠬᠡᠮᠵᠢᠬᠦ ᠲᠥᠬᠦᠭᠡᠷᠦᠮᠵᠢ ᠶᠢᠨ ᠪᠣᠯᠵᠣᠯ ᠳᠤ ᠲᠤᠭ᠎ᠠ ᠶᠢ ᠲᠣᠬᠢᠷᠠᠭᠤᠯᠤᠨ᠎ᠠ᠃ ᠠᠦ᠋ᠲ᠋ᠣ᠋ ᠬᠢᠨᠠᠨ ᠬᠡᠮᠵᠢᠬᠦ ᠤᠷᠤᠰᠴᠠ ᠶᠢᠨ ᠲᠤᠭ᠎ᠠ ᠪᠠᠷᠢᠮᠲᠠ ᠶᠢ ᠤᠰᠤᠨ ᠵᠦᠶ ᠶᠢᠨ ᠬᠠᠮᠢᠶ᠎ᠠ ᠪᠥᠬᠦᠶ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃    ︵3︶ ᠠᠳᠠᠯᠢᠳᠬᠠᠨ ᠬᠡᠮᠵᠢᠭᠰᠡᠨ ᠮᠡᠳᠡᠭᠦᠯᠦᠯᠲᠡ ᠬᠢᠵᠦ ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠠᠷᠢᠮᠵᠢᠶ᠎ᠠ ᠳᠤ ᠬᠦᠷᠦᠭᠦᠯᠦᠨ᠎ᠡ᠃    3 . ᠬᠥᠷᠥᠩᠭᠡ ᠣᠷᠣᠭᠤᠯᠤᠯᠲᠠ ᠶᠢᠨ ᠪᠠᠶᠢᠳᠠᠯ ᠄ ᠶᠡᠷᠦᠩᠬᠡᠢ ᠬᠥᠷᠥᠩᠭᠡ ᠣᠷᠣᠭᠤᠯᠤᠯᠲᠠ6 ᠲᠦᠮᠡᠨ ᠲᠥᠭᠦᠷᠢᠭ ᠪᠠᠶᠢᠵᠤ᠂ ᠲᠥᠪ ᠵᠠᠰᠠᠭ ᠤᠨ ᠪᠡᠯᠡ ᠣᠷᠤᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠠᠴᠠ ᠢᠵᠢ ᠪᠦᠷᠢᠯᠳᠦᠭᠦᠯᠦᠭᠰᠡᠨ ᠃    4 . ᠪᠡᠶᠡᠯᠡᠭᠦᠯᠬᠦ ᠴᠠᠭ ᠪᠠ ᠭᠠᠵᠠᠷ᠄ 2022 ᠪᠦᠬᠦ ᠣᠨ᠂ ᠬᠦᠬᠡᠬᠤᠲᠠ ᠳᠤ ᠃ ᠬᠤᠶᠠᠷ᠂ ᠨᠡᠷ᠎ᠡ ᠮᠡᠳᠡᠭᠦᠯᠬᠦ ᠱᠠᠭᠠᠷᠳᠠᠯᠭ᠎ᠠ     1 . ᠣᠷᠣᠯᠠᠬᠤ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃    2 . ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠭᠤᠯᠤᠮᠵᠢ ᠂ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ᠂ ᠭᠦᠢᠴᠡᠳ ᠭᠡᠷ᠎ᠡ ᠶᠢ ᠭᠦᠢᠴᠡᠳᠬᠡᠬᠦ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠬᠡᠷᠡᠭᠲᠡᠶ᠃    ᠨᠡᠷ᠎ᠡ ᠮᠡᠳᠡᠭᠦᠯᠬᠦ ᠦᠶ᠎ᠡ ᠳᠤ᠂ ᠨᠡᠷ᠎ᠡ ᠮᠡᠳᠡᠭᠦᠯᠦᠭᠴᠢ ᠳᠣᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄    1 . ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ ᠪᠠᠨ ᠭᠠᠷᠭᠠᠨ ᠦᠵᠡᠭᠦᠯᠵᠦ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠨ᠎ᠠ᠃    2 . ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ 《 ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ 》 ᠭᠠᠷᠭᠠᠵᠤ ᠥᠭᠭᠦᠨ᠎ᠡ᠃    3 . ᠤᠯᠤᠰ ᠤᠨ ᠠᠵᠤ ᠦᠶᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠴᠦᠨ ᠲᠠᠢ ᠪᠥᠭᠡᠳ ᠳᠠᠭᠠᠭᠠᠴᠢᠯᠠᠯᠲᠠ ᠬᠦᠯᠢᠶᠡᠭᠰᠡᠨ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ᠃ ᠭᠤᠷᠪᠠ ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ    ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠬᠤ ᠪᠠᠶᠢᠭᠤᠯᠤᠮᠵᠢ 2022 ᠣᠨ ᠤ 8 ᠳ᠋ᠤᠭᠠᠷ ᠰᠠᠷ᠎ᠠ ᠶᠢᠨ 11 ᠤ ᠡᠳᠦᠷ ᠠᠴᠠ 2022 ᠣᠨ ᠤ 8 ᠳ᠋ᠤᠭᠠᠷ ᠰᠠᠷ᠎ᠠ ᠶᠢᠨ 12 ᠤ ᠡᠳᠦᠷ ᠪᠣᠯᠲᠠᠯ᠎ᠠ᠂ ᠦᠳᠡ ᠶᠢᠨ ᠡᠮᠦᠨᠡᠬᠢ 9᠄ 00 ᠠᠴᠠ12᠄ 00᠂ ᠦᠳᠡ ᠶᠢᠨ ᠬᠤᠶᠢᠨᠠᠬᠢ 14᠄ 30 ᠠᠴᠠ17᠄ 30 ᠳᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃    ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ ᠯᠢᠦᠢ ᠳ᠋ᠢ ᠯᠢᠩ ᠬᠠᠢ ᠲᠣᠮᠣ ᠠᠰᠠᠷ ᠤᠨ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠠᠯᠪᠠᠨ ᠬᠡᠷ ᠃    ᠰᠢᠦᠳᠠᠨ ᠳ᠋ᠤᠭᠠᠷ᠄ 010010    ᠬᠠᠷᠢᠯᠴᠠᠬᠤ ᠬᠥᠮᠦᠨ᠄ ᠬᠤᠸᠠᠩ ᠳ᠋ᠠ    ᠬᠠᠷᠢᠯᠴᠠᠬᠤ ᠤᠲᠠᠰᠤ᠄ 138 4818 0893             ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ            2022ᠣᠨ ᠤ 8 ᠰᠠᠷ᠎ᠠ ᠶᠢᠨ10 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号