ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠣᠯᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ ᠲᠣᠬᠢᠷᠠᠭᠤᠯᠬᠤ ᠶᠢ ᠲᠦᠷᠭᠡᠳᠬᠡᠨ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/29
    8 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠱᠧᠩ ᠰᠢᠶᠣᠤ ᠶᠧᠦ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠠ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ ᠲᠣᠬᠢᠷᠠᠭᠤᠯᠬᠤ ᠸᠢᠳᠢᠣ᠋ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠦ ᠱᠠᠭᠠᠷᠳᠠᠯᠭ᠎ᠠ ᠳᠤᠷᠠᠳᠪᠠ᠃ ᠳᠡᠳ᠋ ᠲᠢᠩᠬᠢᠮ ᠤᠨ ᠳᠠᠷᠤᠭ᠎ᠠ ᠵᠣᠣ ᠴᠠᠩ ᠴᠢᠩ ᠪᠥᠬᠦ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠡᠪᠲᠡᠷᠡᠭᠦᠯᠵᠦ᠂ ᠲᠦᠩᠯᠢᠶᠣᠤ ᠬᠤᠲᠠ᠂ ᠪᠠᠶᠠᠨᠨᠠᠭᠤᠷ ᠬᠤᠲᠠ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠠᠴᠠ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠣᠯᠤᠨ ᠠᠪᠬᠤ ᠭᠡᠵᠦ ᠪᠠᠶᠢᠭ᠎ᠠ ᠠᠷᠭ᠎ᠠ ᠬᠡᠮᠵᠢᠶ᠎ᠡ ᠪᠠᠨ ᠬᠠᠷᠢᠭᠤ ᠮᠡᠳᠡᠭᠦᠯᠵᠦ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠡᠶ᠃
1-1.jpg
    ᠱᠧᠩ ᠰᠢᠶᠣᠤ ᠶᠧᠦ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ ᠤᠰᠤᠨ ᠠᠰᠢᠭᠯᠠᠯᠲᠠ ᠶᠢᠨ ᠲᠢᠩᠬᠢᠮ  ᠨᠢ ᠡᠯ᠎ᠡ ᠠᠶᠢᠮᠠᠭ ᠬᠤᠲᠠ ᠬᠤᠰᠢᠭᠤ ᠰᠢᠶᠠᠨ ᠲᠠᠢ ᠬᠠᠮᠲᠤ ᠪᠠᠷ᠂ ᠬᠡᠪ ᠪᠤᠰᠤ ᠶᠢᠨ ᠠᠷᠭ᠎ᠠ ᠬᠡᠮᠵᠢᠶ᠎ᠡ ᠂ ᠠᠷᠭ᠎ᠠ ᠪᠠᠷᠢᠯ  ᠢᠶᠠᠷ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ  ᠢᠶᠠᠨ ᠲᠦᠷᠭᠡᠳᠬᠡᠵᠦ᠂ ᠴᠢᠬᠤᠯᠠ ᠠᠬᠢᠴᠠ ᠭᠠᠷᠭᠠᠵᠠᠢ ᠃ ᠴᠢᠬᠤᠯᠠ ᠶᠡᠭᠡ ᠲᠥᠷᠥᠯ ᠵᠦᠶᠯ ᠤᠨ ᠪᠠᠶᠢᠭᠤᠯᠵᠤ ᠪᠠᠶᠢᠭ᠎ᠠ ᠲᠤᠭ᠎ᠠ ᠬᠡᠮᠵᠢᠶ᠎ᠡ᠂ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠲᠡᠦᠬᠡᠨ ᠰᠢᠨ᠎ᠡ ᠲᠡᠮᠳᠡᠭᠯᠡᠯ ᠢ ᠡᠭᠦᠳᠴᠦ᠂ ᠤᠯᠤᠰ  ᠤᠨ 172 ᠵᠦᠶᠯ ᠪᠠ 150 ᠵᠦᠶᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠳᠠᠬᠢ 5 ᠵᠦᠶᠯ  ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠳᠤᠨᠤᠨ ᠤ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠵᠦ᠂ 2022 ᠣᠨ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ 130 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠵᠤ᠂ ᠣᠨ ᠤ ᠪᠠᠯᠠ ᠣᠷᠣᠭᠤᠯᠤᠯᠲᠠ ᠶᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ  ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠷᠤᠭ 7 ᠵᠠᠭᠤᠨ ᠤ ᠴᠡᠭ ᠨᠡᠮᠡᠭᠳᠡᠪᠡ᠃    ᠱᠧᠩ ᠰᠢᠶᠣᠤ ᠶᠧᠦ ᠱᠠᠭᠠᠷᠳᠠᠭᠰᠠᠨ  ᠨᠢ ᠂ ᠣᠳᠣᠬᠠᠨ ᠳᠤ ᠪᠣᠯ ᠪᠦᠬᠦ ᠵᠢᠯ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠪᠤᠳᠤᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦ ᠪᠠᠷ ᠢᠶᠠᠨ ᠲᠦᠷᠭᠡᠳᠬᠡᠨ ᠠᠬᠢᠭᠤᠯᠬᠤ ᠬᠡᠷᠡᠭᠲᠡᠢ᠃ ᠨᠢᠭᠡ ᠳᠤ᠂ ᠵᠣᠬᠢᠶᠠᠨ ᠪᠠᠶᠢᠭᠤᠯᠵᠤ ᠠᠬᠢᠭᠤᠯᠬᠤ ᠶᠢ ᠴᠢᠩᠭᠠᠳᠬᠠᠨ᠎ᠠ᠃ ᠬᠠᠮᠢᠶ᠎ᠠ ᠪᠥᠬᠦᠶ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠵᠣᠬᠢᠴᠠᠭᠤᠯᠬᠤ ᠵᠥᠪᠳᠡᠯᠴᠡᠬᠦ ᠲᠣᠬᠢᠷᠠᠭᠤᠯᠬᠤ ᠶᠢ ᠴᠢᠩᠭᠠᠳᠬᠠᠵᠤ᠂ ᠮᠥᠷᠳᠡᠨ ᠬᠢᠨᠠᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠬᠤᠶᠠᠷ ᠲᠤ᠂ ᠲᠥᠷᠥᠯ ᠵᠦᠢᠯ ᠤᠨ ᠠᠵᠢᠯ ᠡᠬᠢᠯᠡᠬᠦ ᠶᠢ ᠬᠦᠴᠦᠯᠡᠨ ᠠᠬᠢᠭᠤᠯᠤᠨ᠎ᠠ᠃ ᠠᠵᠢᠯ ᠡᠬᠢᠯᠡᠭᠦᠯᠦᠭᠡᠳᠦᠶ ᠲᠥᠷᠥᠯ ᠵᠦᠶᠯ ᠢ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠤᠷᠢᠳᠴᠢᠯᠠᠨ ᠠᠷᠭ᠎ᠠ ᠰᠦᠪᠡᠭᠴᠢᠯᠡᠨ ᠪᠠᠶᠢᠷᠢᠯᠠᠭᠤᠯᠵᠤ᠂ 2023 ᠣᠨ ᠤ ᠲᠥᠪ ᠤᠨ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠰᠠᠨᠠᠭᠤᠯᠭ᠎ᠠ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠨᠠᠶᠢᠷᠠᠭᠤᠯᠤᠨ ᠲᠣᠭᠲᠠᠭᠠᠨ᠎ᠠ᠃ ᠭᠤᠷᠪᠠ ᠳᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠡᠯ᠎ᠡ ᠭᠠᠵᠠᠷ ᠤᠨ ᠬᠢᠨ ᠶᠠᠰᠤ ᠴᠢᠨᠠᠷ ᠤᠨ ᠠᠶᠤᠯ ᠦᠭᠡᠶ ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠵᠦ᠂ ᠡᠨᠡ ᠬᠤᠶᠠᠷ ᠰᠠᠷ᠎ᠠ ᠳᠤ ᠶᠡᠭᠡ ᠠᠬᠢᠴᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ᠂ ᠲᠥᠷᠥᠯ ᠵᠦᠢᠯ ᠤᠨ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠶᠢᠨ ᠠᠶᠤᠯ ᠦᠭᠡᠶ ᠶᠢᠨ ᠬᠠᠮᠢᠶᠠᠷᠤᠯᠲᠠ ᠪᠣᠯᠤᠨ ᠶᠠᠰᠤ ᠴᠢᠨᠠᠷ ᠤᠨ ᠡᠵᠡᠮᠳᠡᠯ ᠢᠶᠠᠨ ᠴᠢᠩᠭᠠᠳᠬᠠᠵᠤ᠂ ᠲᠥᠷᠥᠯ ᠵᠦᠢᠯ ᠤᠨ ᠦᠶᠡᠷ ᠤᠨ ᠬᠤᠭᠤᠴᠠᠭᠠᠨ ᠤ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃ ᠳᠥᠷᠪᠡ ᠳᠤ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠳ ᠦᠵᠡᠯ ᠰᠠᠨᠠᠭ᠎ᠠ ᠪᠠᠨ ᠴᠢᠯᠥᠭᠡᠯᠡᠨ᠂ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠬᠤ ᠪᠠᠨ ᠴᠢᠩᠭᠠᠳᠬᠠᠨ᠂ ᠪᠦᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠱᠧᠩ ᠰᠢᠶᠣᠤ ᠶᠧᠦ ᠴᠢᠩᠭᠠᠳᠬᠠᠭᠰᠠᠨ  ᠨᠢ ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠪᠤᠷᠢᠯᠠᠨ ᠨᠠᠶᠢᠷᠠᠭᠤᠯᠬᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠪᠥᠭᠡᠳ ᠲᠤᠯᠭᠠᠮ ᠪᠠᠶᠢᠵᠤ᠂ ᠣᠷᠣᠨ ᠨᠤᠲᠤᠭ ᠤᠨ ᠢᠷᠡᠭᠡᠳᠦᠢ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠲᠠᠢ ᠬᠤᠯᠪᠣᠭᠳᠠᠨ᠎ᠠ᠃ ᠶᠡᠷᠦᠩᠬᠡᠶ ᠳᠤᠨᠢ ᠠᠪᠴᠤ ᠦᠵᠡᠪᠡᠯ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ ᠨᠠᠶᠢᠷᠠᠭᠤᠯᠬᠤ ᠠᠵᠢᠯ ᠶᠡᠷᠦᠩᠬᠡᠶ ᠳᠡᠭᠡᠨ ᠠᠭᠢᠵᠤ ᠡᠮᠬᠢ ᠵᠢᠷᠤᠮ ᠲᠠᠢ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠪᠣᠯᠪᠠᠴᠤ ᠪᠠᠰᠠ ᠵᠠᠷᠢᠮ ᠠᠰᠠᠭᠤᠳᠠᠯ ᠣᠷᠣᠰᠢᠵᠤ᠂ ᠤᠯᠤᠰ ᠤᠨ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠭᠰᠠᠭᠠᠷ᠃ ᠡᠯ᠎ᠡ ᠬᠤᠯᠪᠣᠭᠳᠠᠯ ᠪᠥᠬᠦᠶ ᠨᠢᠭᠡᠴᠡ ᠪᠣᠯᠤᠨ ᠣᠷᠣᠨ ᠨᠤᠲᠤᠭ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ  ᠤᠨ ᠲᠤᠯᠭᠠᠮ ᠪᠣᠳᠣᠯ ᠢᠶᠠᠨ ᠦᠨᠡᠨ ᠬᠦ ᠴᠢᠩᠭᠠᠳᠬᠠᠨ᠂ ᠲᠤᠷᠰᠢᠯᠭ᠎ᠠ ᠰᠤᠷᠭᠠᠮᠵᠢ ᠪᠠᠨ ᠨᠠᠷᠢᠨ ᠬᠢᠨᠠᠮᠠᠭᠠᠶ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠢ ᠭᠦᠨᠵᠡᠭᠡᠶ ᠵᠠᠳᠠᠯᠤᠨ᠂ ᠴᠢᠭᠯᠡᠭᠦᠯᠦᠯᠲᠦ ᠴᠢᠨᠠᠷᠲᠠᠶ ᠪᠠ ᠬᠡᠷᠡᠭᠵᠢᠭᠦᠯᠵᠦ ᠪᠣᠯᠬᠤᠶᠢᠴᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ ᠨᠠᠶᠢᠷᠠᠭᠤᠯᠤᠨ ᠵᠣᠬᠢᠶᠠᠬᠤ ᠠᠵᠢᠯ ᠢ ᠡᠮᠬᠢ ᠵᠢᠷᠤᠮ ᠲᠠᠢ ᠴᠢᠨᠠᠷ ᠰᠠᠶᠢᠲᠠᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠳᠤ ᠬᠦᠴᠦᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ ᠠᠬᠢᠴᠠ ᠪᠠᠨ ᠦᠨᠡᠨᠬᠦ ᠲᠦᠷᠭᠡᠳᠬᠡᠬᠦ ᠬᠡᠷᠡᠭᠲᠡᠶ᠃ ᠠᠵᠢᠯ ᠤᠨ ᠵᠣᠬᠢᠴᠠᠭᠤᠯᠭ᠎ᠠ᠂ ᠵᠠᠩᠭᠢᠯᠠᠭ᠎ᠠ ᠶᠢᠨ ᠴᠡᠭ  ᠤᠨ ᠡᠵᠡᠮᠳᠡᠯ᠂ ᠬᠥᠳᠡᠯᠦᠩᠭᠦᠶ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯ ᠤᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠳᠠᠭᠠᠵᠤ ᠵᠣᠬᠢᠴᠠᠭᠤᠯᠤᠨ ᠰᠢᠶᠳᠪᠦᠷᠢᠯᠡᠬᠦ ᠬᠡᠷᠡᠭᠲᠡᠶ᠃ ᠤᠯᠠᠮ ᠨᠢᠭᠡ ᠠᠯᠬᠤᠮ ᠬᠤᠷᠴᠠ ᠴᠢᠳᠠᠮᠠᠭᠠᠶ ᠬᠦᠴᠦᠨ ᠢ ᠲᠠᠲᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠪᠣᠭᠤᠮᠲᠠ ᠶᠢ ᠴᠢᠩᠭ᠎ᠠ ᠰᠠᠬᠢᠵᠤ᠂ ᠶᠠᠰᠤ ᠴᠢᠨᠠᠷ ᠢ ᠪᠠᠲᠤᠯᠠᠨ᠎ᠠ᠃ ᠮᠡᠷᠭᠡᠵᠢᠯ ᠤᠨ ᠳᠤᠭᠤᠶᠢᠯᠠᠩ ᠨᠢ ᠮᠡᠷᠭᠡᠵᠢᠯ ᠤᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠤᠰᠤᠨ ᠠᠰᠢᠭᠯᠠᠯᠲᠠ  ᠶᠢᠨ ᠦᠢᠯᠡᠰ ᠤᠨ ᠬᠥᠭᠵᠢᠯᠲᠡ ᠶᠢᠨ ᠲᠥᠪ ᠨᠢ ᠠᠶᠢᠮᠠᠭ ᠬᠤᠲᠠ ᠶᠢᠨ ᠠᠵᠢᠯ ᠳᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠠᠶᠢᠮᠠᠭ ᠬᠤᠲᠠ ᠶᠢ ᠢᠳᠡᠪᠬᠢᠲᠡᠶ ᠪᠠᠷ ᠬᠠᠪᠰᠤᠷᠤᠨ ᠲᠥᠷᠥᠯ ᠵᠦᠢᠯ ᠢ ᠰᠡᠳᠦᠵᠦ᠂ ᠴᠢᠬᠤᠯᠠ ᠪᠦᠬᠦᠢ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠨᠵᠢᠬᠦ ᠳᠠᠬᠢᠨ ᠬᠢᠨᠠᠯᠲᠠ ᠬᠢᠵᠦ᠂ ᠡᠯ᠎ᠡ ᠭᠠᠵᠠᠷ ᠤᠨ ᠲᠥᠷᠥᠯ ᠵᠦᠢᠯ ᠤᠨ ᠦᠨᠡᠨᠬᠦ ᠶᠠᠪᠤᠭᠳᠠᠭᠤᠰᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠤᠰᠤᠨ ᠠᠰᠢᠭᠯᠠᠯᠲᠠ  ᠶᠢᠨ ᠦᠢᠯᠡᠰ ᠤᠨ ᠬᠥᠭᠵᠢᠯᠲᠡ ᠶᠢᠨ ᠲᠥᠪ ᠨᠢ ᠲᠦᠷᠦᠭᠦᠯᠡᠬᠦ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ  ᠪᠠᠨ ᠪᠠᠳᠠᠷᠠᠭᠤᠯᠵᠤ᠂ ᠲᠢᠩᠬᠢᠮ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠭᠡᠷ ᠨᠢ ᠪᠦᠬᠦ ᠬᠦᠴᠦᠨ ᠢᠶᠠᠷ ᠢᠶᠠᠨ ᠳᠠᠮᠵᠢᠵᠤ᠂ ᠡᠯ᠎ᠡ ᠨᠢᠭᠡᠴᠡ ᠨᠢ ᠨᠢᠭᠲᠠ ᠬᠠᠮᠵᠢᠯᠴᠠᠨ᠂ ᠲᠣᠬᠢᠷᠠᠭᠤᠯᠤᠯᠲᠠ ᠶᠢ ᠳᠠᠭᠠᠵᠤ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ ᠨᠠᠶᠢᠷᠠᠭᠤᠯᠬᠤ ᠠᠵᠢᠯ ᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃    ᠱᠧᠩ ᠰᠢᠶᠣᠤ ᠶᠧᠦ ᠪᠠᠰᠠ ᠱᠠᠭᠠᠷᠳᠠᠭᠰᠠᠨ ᠨᠢ ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠵᠤ᠂ ᠤᠰᠤᠨ ᠠᠰᠢᠭᠯᠠᠯᠲᠠ 4 ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ ᠪᠠᠷᠢᠯᠭ᠎ᠠ ᠶᠢ ᠠᠳᠬᠤᠬᠤ ᠳᠤ ᠡᠩ ᠲᠡᠷᠢᠭᠦᠨ ᠳᠤ ᠪᠡᠯᠡ ᠣᠷᠣᠭᠤᠯᠤᠯᠲᠠ ᠶᠢ ᠠᠳᠬᠤᠬᠤ ᠬᠡᠷᠡᠭᠲᠡᠢ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠪᠠ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠬᠠᠮᠢᠶᠠᠷᠤᠯᠲᠠ ᠶᠢ ᠠᠳᠬᠤᠬᠤ  ᠳᠤ ᠡᠩ ᠲᠡᠷᠢᠭᠦᠨ ᠳᠤ ᠤᠰᠤ ᠠᠷᠪᠢᠯᠠᠬᠤ ᠶᠢ ᠠᠳᠬᠤᠬᠤ ᠬᠡᠷᠡᠭᠲᠡᠶ᠂ ᠪᠠᠲᠤᠯᠠᠭ᠎ᠠ ᠶᠢᠨ ᠴᠢᠳᠠᠪᠤᠷᠢ ᠪᠠ ᠠᠰᠢᠭᠯᠠᠯᠲᠠ  ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠂ ᠭᠤᠷᠪᠠ ᠳᠤ ᠵᠠᠰᠠᠯᠲᠠ ᠶᠢ ᠠᠳᠬᠤᠬᠤ ᠳᠤ ᠡᠩ ᠲᠡᠷᠢᠭᠦᠨ  ᠳᠤ ᠭᠤᠤᠯ ᠮᠥᠷᠡᠨ ᠤ ᠳᠠᠷᠤᠭ᠎ᠠ ᠶᠢ ᠠᠳᠬᠤᠬᠤ ᠬᠡᠷᠡᠭᠲᠡᠶ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠳᠥᠷᠪᠡ ᠳᠤ ᠠᠵᠢᠯ ᠲᠥᠷᠥᠯ ᠢ ᠠᠳᠬᠤᠬᠤ ᠳᠤ ᠡᠩ ᠲᠡᠷᠢᠭᠦᠨ ᠳᠤ ᠰᠤᠷᠲᠠᠯ ᠢ ᠠᠳᠬᠤᠬᠤ ᠬᠡᠷᠡᠭᠲᠡᠶ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠ ᠲᠠᠩᠰᠠ ᠲᠤᠰᠢᠶᠠᠬᠤ ᠤᠬᠠᠮᠰᠠᠷ  ᠢᠶᠠᠨ ᠳᠡᠭᠡᠭᠰᠢᠯᠡᠭᠦᠯᠬᠦ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠰᠠᠳᠠ᠂ ᠨᠢᠭᠡ ᠳᠤ ᠪᠦᠬᠦ ᠣᠷᠣᠨ ᠤ ᠬᠡᠪᠴᠢᠶᠡᠨ ᠳᠤ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠤᠰᠤ ᠲᠠᠲᠠᠬᠤ ᠵᠥᠪᠰᠢᠶᠡᠷᠡᠯ ᠤᠨ ᠬᠠᠮᠤᠭ ᠤᠨ ᠳᠣᠤᠷ᠎ᠠ ᠠᠵᠢᠯ ᠢ ᠥᠷᠨᠢᠭᠦᠯᠦᠨ᠎ᠡ᠃ ᠬᠤᠶᠠᠷ ᠲᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ  ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠭᠤᠷᠪᠠ ᠳᠤ ᠲᠥᠰᠦᠪ ᠤᠨ ᠳᠣᠲᠣᠷᠠᠬᠢ ᠪᠡᠯᠡ ᠮᠥᠩᠭᠦ ᠶᠢ ᠭᠦᠢᠴᠡᠳᠬᠡᠬᠦ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠳᠥᠷᠪᠡ ᠳᠤ᠂ ᠵᠠᠬᠢᠳᠠᠯ ᠰᠤᠷᠪᠤᠯᠵᠢᠯᠠᠭ᠎ᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠨ᠎ᠡ᠃
1-2.jpg
    ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ᠂ ᠬᠤᠯᠪᠣᠭᠳᠠᠯ ᠪᠦᠬᠦᠢ ᠭᠠᠵᠠᠷ ᠭᠡᠷ ᠪᠣᠯᠤᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ( ᠤᠰᠤᠨ ᠤ ᠶᠠᠪᠤᠳᠠᠯ ) ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ  ᠤ ᠶᠠᠪᠤᠳᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠪᠣᠯᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠵᠦ ᠵᠢᠷᠤᠭᠯᠠᠨ ᠲᠥᠯᠥᠪᠯᠡᠬᠦ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠨᠥᠬᠦᠳ ᠪᠣᠯᠤᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号