ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠱᠧᠩ ᠰᠢᠶᠣᠤ ᠶᠧᠦ ᠪᠠᠶᠠᠨᠨᠠᠭᠤᠷ ᠬᠤᠲᠠ ᠶᠢᠨ ᠳᠡᠳ᠋ ᠳᠠᠷᠤᠭ᠎ᠠ ᠵᠣᠣ ᠸᠧᠶ ᠹᠧᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/30
    ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠱᠧᠩ ᠰᠢᠶᠣᠤ ᠶᠧᠦ 8 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ  ᠳᠤ ᠪᠠᠶᠠᠨᠨᠠᠭᠤᠷ ᠬᠤᠲᠠ ᠶᠢᠨ ᠳᠡᠳ᠋ ᠳᠠᠷᠤᠭ᠎ᠠ ᠵᠣᠣ ᠸᠧᠶ ᠹᠧᠩ ᠨᠠᠷ ᠲᠠᠢ ᠠᠭᠤᠯᠵᠠᠵᠤ᠂ ᠪᠠᠶᠠᠨᠨᠠᠭᠤᠷ ᠬᠤᠲᠠ ᠶᠢᠨ ᠤᠰᠤᠨ ᠤ ᠡᠬᠢ ᠰᠤᠷᠪᠤᠯᠵᠢ ᠪᠣᠯᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠠᠯ᠎ᠠ ᠶᠢᠨ ᠠᠰᠠᠭᠤᠳᠠᠯ ᠤᠨ ᠲᠤᠬᠠᠶ ᠶᠠᠷᠢᠯᠴᠠᠨ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠶᠠᠷᠢᠯᠴᠠᠬᠤ ᠬᠤᠷᠠᠯ ᠳᠤ ᠣᠷᠣᠯᠴᠠᠵᠠᠶ᠃
2-1.jpg
    ᠱᠧᠩ ᠰᠢᠶᠣᠤ ᠶᠧᠦ ᠳᠠᠷᠤᠭ᠎ᠠ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠬᠠᠮᠢᠶ᠎ᠠ ᠪᠥᠬᠦᠶ ᠠᠵᠢᠯ  ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠤᠰᠤᠨ ᠤ ᠡᠬᠢ ᠰᠤᠷᠪᠤᠯᠵᠢ  ᠶᠢᠨ ᠬᠠᠮᠢᠶᠠᠷᠤᠯᠲᠠ ᠶᠢᠨ ᠠᠵᠢᠯ ᠳᠤ ᠤᠰᠤ ᠠᠷᠪᠢᠯᠠᠬᠤ ᠨᠢ ᠵᠠᠩᠭᠢᠯᠠᠭ᠎ᠠ ᠶᠢᠨ ᠦᠶᠯᠡᠳᠦᠯ ᠲᠠᠢ᠂ ᠪᠠᠶᠠᠨᠨᠠᠭᠤᠷ ᠬᠤᠲᠠ ᠪᠥᠬᠦ ᠣᠷᠣᠨ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ᠂ ᠤᠰᠤ ᠠᠷᠪᠢᠯᠠᠬᠤ ᠭᠤᠣᠯᠳᠠᠯᠭ᠎ᠠ  ᠲᠠᠢ ᠭᠠᠵᠠᠷ ᠪᠣᠯᠤᠨ᠎ᠠ  ᠃ ᠨᠢᠭᠡ ᠳᠤ ᠤᠯᠤᠰ ᠤᠨ ᠪᠡᠯᠡ ᠣᠷᠣᠭᠤᠯᠤᠯᠲᠠ ᠶᠢ ᠢᠳᠡᠪᠬᠢᠲᠡᠶ ᠴᠢᠷᠮᠠᠶᠢᠨ ᠣᠯᠵᠤ᠂ ᠤᠰᠤᠯᠠᠯᠲᠠ ᠶᠢᠨ ᠣᠷᠣᠨ ᠪᠣᠯᠤᠨ ᠭᠠᠵᠠᠷ ᠤᠨ ᠬᠡᠰᠡᠭ ᠢᠶᠠᠷ ᠤᠰᠤ ᠠᠷᠪᠢᠯᠠᠬᠤ ᠶᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠳᠠᠪᠠᠭᠤᠯᠢᠭ ᠢ ᠪᠠᠳᠠᠷᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠭᠰᠠᠨ ᠨᠠᠮᠤᠷ ᠤᠨ ᠤᠰᠤᠯᠠᠯᠲᠠ ᠶᠢᠨ ᠳᠦᠷᠢᠮ ᠢ ᠰᠢᠨᠵᠢᠯᠡᠬᠦ ᠤᠬᠠᠭᠠᠨᠴᠢ  ᠪᠠᠷ ᠲᠣᠭᠲᠠᠭᠠᠵᠤ᠂ ᠤᠰᠤ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠭᠤᠷᠪᠠ ᠳᠤ᠂ ᠲᠠᠷᠢᠶᠠᠯᠠᠩ  ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ 《 ᠴᠠᠬᠢᠯᠭᠠᠨ ᠢᠶᠠᠷ ᠤᠰᠤ ᠶᠢ ᠡᠵᠡᠮᠳᠡᠬᠦ 》ᠵᠣᠷᠢᠯᠭ᠎ᠠ ᠳᠤ ᠬᠥᠷᠬᠦ ᠬᠡᠷᠡᠭᠲᠡᠶ᠃ ᠳᠥᠷᠪᠡ ᠳᠤ ᠤᠰᠤᠨ ᠴᠥᠭᠦᠷᠥᠮ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠶᠠᠨᠨᠠᠭᠤᠷ ᠬᠤᠲᠠ ᠶᠢᠨ ᠬᠠᠲᠤᠨ ᠭᠤᠤᠯ ᠳᠠᠭᠠᠤ ᠶᠢᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠃    ᠱᠧᠩ ᠰᠢᠶᠣᠤ ᠶᠧᠦ ᠳᠠᠷᠤᠭ᠎ᠠ ᠠᠴᠠ ᠬᠥᠭᠵᠢᠯᠲᠡ ᠪᠣᠯ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠮᠥᠨ᠂ ᠪᠣᠷᠣᠲᠣᠬᠤᠢ ᠶᠢᠨ ᠤᠰᠤᠨ ᠤ ᠶᠠᠪᠤᠳᠠᠯ ᠢ ᠰᠠᠶᠢᠲᠤᠷ ᠡᠵᠡᠮᠳᠡᠪᠡᠯ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠢ ᠴᠦ ᠰᠠᠶᠢᠲᠤᠷ ᠬᠢᠵᠦ ᠴᠢᠳᠠᠨ᠎ᠠ ᠬᠡᠮᠡᠨ ᠴᠢᠬᠤᠯᠠᠴᠢᠯᠠᠵᠠᠢ ᠃ᠵᠣᠣ ᠸᠧᠶ ᠹᠧᠩ ᠨᠠᠷ ᠤᠰᠤᠨ ᠠᠰᠢᠭᠯᠠᠯᠲᠠ ᠶᠢᠨ ᠲᠢᠩᠬᠢᠮ ᠤᠨ ᠬᠢᠨ ᠣᠷᠳᠣ ᠬᠤᠭᠤᠴᠠᠭᠠᠨ ᠤ ᠲᠤᠷᠰᠢ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠢ ᠬᠦᠴᠦᠲᠡᠶ ᠳᠡᠮᠵᠢᠭᠰᠡᠨ ᠳᠤ ᠲᠠᠯᠠᠷᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠤᠰᠤ ᠵᠠᠰᠠᠬᠤ《 ᠠᠷᠪᠠᠨ ᠵᠢᠷᠭᠤᠭᠠᠨ ᠥᠰᠥᠭ 》 ᠤᠨ ᠰᠡᠳᠬᠢᠮᠵᠢ ᠶᠢ ᠪᠠᠲᠤ ᠡᠵᠡᠮᠳᠡᠵᠦ᠂ 《 ᠳᠥᠷᠪᠡᠨ ᠤᠰᠤ ᠳᠥᠷᠪᠡᠨ ᠲᠣᠭᠲᠠᠭᠠᠯ 》 ᠤᠨ ᠵᠠᠷᠴᠢᠮ ᠢ ᠭᠦᠨᠵᠡᠭᠡᠶ ᠲᠤᠭᠤᠰᠢᠯᠠᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠪᠥᠬᠦ ᠬᠤᠲᠠ ᠶᠢᠨ ᠬᠥᠳᠡᠭᠡ ᠠᠵᠤ ᠠᠬᠤᠢ ᠶᠢᠨ ᠤᠰᠤ  ᠶᠢ ᠭᠦᠨ ᠠᠷᠪᠢᠯᠠᠬᠤ ᠶᠢ ᠠᠬᠢᠭᠤᠯᠤᠨ᠎ᠠ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠰᠢᠰᠲ᠋ᠧᠮ ᠢ ᠪᠠᠶᠢᠭᠤᠯᠵᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠲᠢᠩᠬᠢᠮ ᠤᠨ ᠬᠢᠨ ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠪᠠ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠣᠷᠴᠢᠨ ᠲᠣᠭᠤᠷᠢᠨ ᠢ ᠰᠡᠷᠭᠦᠭᠡᠬᠦ ᠲᠥᠷᠥᠯ ᠵᠦᠶᠯ ᠳᠤ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃
2-2.jpg
    ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠳ᠋ ᠤᠨ ᠵᠠᠰᠠᠭ ᠤᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠭᠠᠵᠠᠷ᠂ ᠤᠰᠤᠨ ᠤ ᠡᠬᠢ ᠰᠤᠷᠪᠤᠯᠵᠢ ᠶᠢᠨ ᠭᠠᠵᠠᠷ᠂ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号