ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠱᠧᠩ ᠰᠢᠶᠣᠤ ᠶᠧᠦ ᠤᠯᠠᠭᠠᠨᠬᠠᠳᠠ ᠬᠤᠲᠠ ᠶᠢᠨ ᠳᠡᠳ᠋ ᠳᠠᠷᠤᠭ᠎ᠠ ᠶᠠᠩ ᠮᠥ ᠨᠡᠷ  ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/30
    8 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠱᠧᠩ ᠰᠢᠶᠣᠤ ᠶᠧᠦ ᠤᠯᠠᠭᠠᠨᠬᠠᠳᠠ ᠬᠤᠲᠠ ᠶᠢᠨ ᠳᠡᠳ᠋ ᠳᠠᠷᠤᠭ᠎ᠠ ᠶᠠᠩ ᠮᠥ ᠨᠡᠷ ᠲᠠᠢ ᠠᠭᠤᠯᠵᠠᠵᠤ᠂ ᠤᠯᠠᠭᠠᠨᠬᠠᠳᠠ ᠬᠤᠲᠠ ᠶᠢᠨ ᠤᠰᠤᠨ  ᠤ ᠡᠬᠢ ᠰᠤᠷᠪᠤᠯᠵᠢ ᠶᠢᠨ ᠭᠠᠶᠢᠯᠢ ᠲᠠᠲᠠᠪᠤᠷᠢᠯᠠᠬᠤ ᠵᠢᠴᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠶᠡᠷᠦᠩᠬᠡᠶ ᠢᠨᠵᠧᠨᠧᠷ᠂ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠵᠣᠣ ᠬᠠᠶ ᠴᠦᠨ ᠬᠤᠷᠠᠯ ᠳᠤ ᠣᠷᠣᠯᠴᠠᠵᠠᠶ᠃
1-1.jpg
    ᠱᠧᠩ ᠰᠢᠶᠣᠤ ᠶᠧᠦ ᠳᠠᠷᠤᠭ᠎ᠠ ᠶᠠᠩ ᠮᠦ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠤᠨ ᠬᠠᠮᠢᠶ᠎ᠠ ᠪᠥᠬᠦᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠡᠷᠡ ᠤᠯᠠᠭᠠᠨᠬᠠᠳᠠ ᠬᠤᠲᠠ ᠡᠪᠡᠰᠦᠨ ᠤ ᠦᠶᠯᠡᠰ ᠤᠨ ᠬᠥᠭᠵᠢᠯᠲᠡ ᠪᠠ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠳᠤ ᠡᠷᠬᠡᠪᠰᠢ《 ᠤᠰᠤᠨ ᠤ ᠬᠡᠮᠵᠢᠶ᠎ᠡ ᠪᠠᠷ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠢᠬᠦ 》ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠰᠤᠨ  ᠤ ᠡᠬᠢ ᠰᠤᠷᠪᠤᠯᠵᠢ ᠶᠢᠨ ᠳᠠᠭᠠᠭᠠᠴᠠ ᠶᠢᠨ ᠴᠢᠳᠠᠪᠤᠷᠢ ᠶᠢᠨ ᠲᠥᠯᠥᠪᠵᠢᠭᠦᠯᠭᠡ ᠶᠢᠨ ᠲᠠᠯ᠎ᠠ ᠪᠠᠷ ᠠᠵᠢᠯ ᠢᠶᠠᠨ ᠴᠢᠩᠭᠠᠳᠬᠠᠵᠤ᠂《 ᠲᠠᠩᠰᠠ ᠬᠠᠷ᠎ᠠ》 ᠶᠢ ᠰᠠᠶᠢᠲᠤᠷ ᠬᠢᠬᠦ ᠬᠡᠷᠡᠭᠲᠡᠶ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠢᠯᠠᠩᠭᠤᠶ᠎ᠠ ᠤᠰᠤ ᠲᠠᠲᠠᠵᠤ ᠤᠰᠤ ᠲᠠᠲᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠵᠠᠢ ᠃    ᠱᠧᠩ ᠰᠢᠶᠣᠤ ᠶᠧᠦ ᠳᠠᠷᠤᠭ᠎ᠠ ᠴᠢᠬᠤᠯᠠᠴᠢᠯᠠᠭᠰᠠᠨ  ᠨᠢ ᠂ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠪᠣᠯ ᠨᠢᠭᠡ ᠵᠦᠶᠯ ᠤᠨ ᠨᠠᠷᠢᠨ ᠪᠤᠳᠤᠯᠢᠶᠠᠨᠲᠠᠶ ᠪᠥᠭᠡᠳ ᠣᠷᠳᠣ ᠬᠤᠭᠤᠴᠠᠭᠠᠨ ᠤ ᠠᠵᠢᠯ ᠮᠥᠨ᠂ ᠡᠷᠬᠡᠪᠰᠢ ᠣᠷᠣᠨ ᠨᠤᠲᠤᠭ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠠᠨᠠᠭᠠᠴᠢᠯᠠᠭ᠎ᠠ ᠠᠴᠠ  ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠨᠡᠪᠲᠡᠷᠡᠯᠴᠡᠵᠦ᠂ ᠤᠯᠠᠭᠠᠨᠬᠠᠳᠠ ᠬᠤᠲᠠ ᠶᠢᠨ ᠲᠡᠵᠢᠭᠡᠯ ᠡᠪᠡᠰᠦᠨ ᠤ ᠠᠵᠤ ᠦᠶᠯᠡᠰ ᠤᠨ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠠᠯ᠎ᠠ ᠪᠠᠷ ᠲᠤᠯᠭᠠᠷᠠᠭᠰᠠᠨ ᠬᠦᠴᠢᠷᠳᠡᠯ ᠳᠤ ᠬᠠᠪᠰᠤᠷᠤᠯᠭ᠎ᠠ ᠦᠵᠡᠭᠦᠯᠵᠦ᠂ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠡᠶ᠃ᠶᠠᠩ ᠮᠦ ᠨᠡᠷ ᠤᠰᠤᠨ ᠠᠰᠢᠭᠯᠠᠯᠲᠠ ᠶᠢᠨ ᠲᠢᠩᠬᠢᠮ ᠤᠨ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠭᠰᠠᠨ ᠪᠥᠭᠡᠳ‌‍ᠱᠧᠩ ᠰᠢᠶᠣᠤ ᠶᠧᠦ ᠱᠦᠵᠢ ᠶᠢᠨ ᠳᠤᠷᠠᠳᠤᠭᠰᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ ᠭᠡᠵᠦ ᠢᠯᠡᠳᠬᠡᠪᠡ᠃ ᠲᠠᠷᠠᠭᠠᠴᠢ ᠶᠢᠨ ᠠᠵᠢᠯ ᠤᠨ ᠳᠤᠮᠳᠠ᠂ ᠥᠨᠳᠥᠷ ᠪᠦᠲᠦᠮᠵᠢᠲᠡᠶ ᠤᠰᠤ ᠠᠷᠪᠢᠯᠠᠬᠤ ᠬᠥᠳᠡᠭᠡ ᠠᠵᠤ ᠠᠬᠤᠢ ᠶᠢ ᠦᠷᠭᠦᠯᠵᠢᠯᠡᠨ ᠬᠥᠭᠵᠢᠭᠦᠯᠵᠦ᠂ ᠡᠪᠡᠰᠦᠨ ᠤ ᠦᠶᠯᠡᠰ ᠤᠨ ᠭᠠᠵᠠᠷ ᠳᠣᠤᠷᠠᠬᠢ ᠤᠰᠤᠨ ᠳᠤ ᠤᠰᠤ ᠠᠷᠪᠢᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ ᠃ ᠡᠯ᠎ᠡ ᠵᠦᠶᠯ ᠤᠨ ᠤᠰᠤᠨ ᠠᠰᠢᠭᠯᠠᠯᠲᠠ ᠶᠢᠨ ᠢᠨᠵᠧᠨᠧᠷᠢᠩ  ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠭᠦᠨ ᠤ ᠦᠶᠯᠡᠳᠦᠯ ᠢ ᠭᠦᠶᠴᠡᠳ ᠪᠠᠳᠠᠷᠠᠭᠤᠯᠤᠨ ᠂ ᠭᠠᠵᠠᠷ ᠳᠡᠭᠡᠷᠡᠬᠢ ᠤᠰᠤᠨ ᠤ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠡᠢ ᠃
1-2.jpg
    ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ᠂ ᠠᠷᠤ ᠬᠤᠷᠴᠢᠨ ᠬᠤᠰᠢᠭᠤᠨ ᠤ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠳ᠋ ᠤᠨ ᠶᠠᠪᠤᠳᠠᠯ ᠤᠨ ᠭᠠᠵᠠᠷ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号