ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ︽ᠬᠠᠤᠯᠢ  ᠪᠠᠷ ᠡᠷᠡᠮᠡᠯᠵᠡᠯᠡᠬᠦ︾ ᠭᠡᠬᠦ ᠺᠢᠨᠣ᠋ ᠶᠢ ᠲᠥᠪᠯᠡᠷᠡᠭᠦᠯᠦᠨ ᠦᠵᠡᠬᠦ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2022/8/30
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠠᠴᠠ《ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ ᠤᠰᠤᠨ ᠠᠰᠢᠭᠯᠠᠯᠲᠠ  ᠶᠢᠨ ᠬᠥᠭᠵᠢᠯᠲᠡ ᠶᠢᠨ ᠶᠡᠷᠦᠩᠬᠡᠢ ᠪᠠᠶᠢᠳᠠᠯ  ᠳᠤ ᠪᠥᠬᠦ ᠬᠦᠴᠦᠨ ᠢᠶᠠᠷ ᠢᠶᠠᠨ ᠦᠶᠯᠡᠴᠢᠯᠡᠶ᠎ᠡ 》ᠭᠡᠬᠦ ᠭᠤᠤᠯ ᠰᠡᠳᠦᠪᠲᠦ ᠺᠢᠨᠣ᠋ ᠰᠣᠨᠢᠷᠬᠠᠬᠤ ᠰᠤᠷᠤᠯᠴᠠᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠬᠥᠭᠵᠢᠯᠲᠡ ᠶᠢᠨ ᠲᠥᠪ ᠤᠨ 200 ᠭᠠᠷᠤᠶ ᠬᠥᠮᠦᠨ《ᠬᠠᠤᠯᠢ  ᠪᠠᠷ ᠡᠷᠡᠮᠡᠯᠵᠡᠯᠡᠬᠦ》ᠭᠡᠬᠦ ᠺᠢᠨᠣ᠋ ᠶᠢ  ᠰᠣᠨᠢᠷᠬᠠᠪᠠ ᠃
3-1.jpg
    ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠥᠷᠭᠡᠨ ᠤᠯᠠᠨ ᠺᠠᠳ᠋ᠷ ᠠᠵᠢᠯᠳᠠᠨ ᠬᠠᠤᠯᠢ ᠴᠠᠭᠠᠵᠠ ᠶᠢᠨ ᠬᠠᠤᠯᠢᠴᠢ ᠳᠤ ᠤᠯᠠᠨ ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠭᠰᠠᠨ ᠰᠢᠷᠢᠰ ᠦᠯᠢᠭᠡᠷ ᠨᠢ ᠬᠠᠤᠯᠢ ᠴᠠᠭᠠᠵᠠ ᠶᠢᠨ ᠡᠷᠬᠡ ᠰᠦᠷ ᠤᠨ ᠳᠣᠲᠣᠭᠠᠳᠤ ᠰᠡᠳᠬᠢᠯ ᠤᠨ ᠬᠦᠷᠢᠶᠡᠯᠡᠯ ᠪᠠ ᠴᠢᠩ ᠦᠨᠡᠨᠴᠢ ᠢᠲᠡᠭᠡᠯ ᠪᠢᠰᠢᠷᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷ ᠠᠵᠢᠯᠴᠢᠨ ᠤ《 ᠬᠠᠤᠯᠢ ᠶᠣᠰᠣᠭᠠᠷ ᠤᠰᠤ ᠵᠠᠰᠠᠬᠤ᠂ ᠤᠰᠤ ᠬᠠᠮᠢᠶᠠᠷᠬᠤ》ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠤᠯᠠᠨ ᠺᠠᠳ᠋ᠷ ᠠᠵᠢᠯᠴᠢᠨ ᠤ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢᠨ ᠰᠢᠳᠤᠷᠭᠤ ᠳᠡᠭᠡᠳᠦᠯᠡᠭᠴᠢ᠂ ᠤᠬᠠᠮᠰᠠᠷ ᠠᠴᠠ ᠪᠠᠨ ᠵᠢᠷᠤᠮᠯᠠᠭᠴᠢ ᠪᠠ ᠡᠷᠡᠰ ᠪᠠᠲᠤ ᠬᠠᠮᠠᠭᠠᠯᠠᠭᠴᠢ ᠶᠢᠨ ᠦᠵᠡᠯ ᠰᠠᠨᠠᠭᠠᠨ ᠤ ᠤᠬᠠᠮᠰᠠᠷ ᠢ ᠪᠤᠢ ᠪᠣᠯᠭᠠᠬᠤ ᠶᠢ ᠠᠬᠢᠭᠤᠯᠪᠠ᠃ ᠬᠠᠤᠯᠢ ᠶᠢ ᠰᠠᠬᠢᠬᠤ ᠨᠢ ᠢᠷᠠᠭᠤ ᠠᠯᠳᠠᠷᠲᠠᠶ᠂ ᠬᠠᠤᠯᠢ  ᠶᠢ ᠵᠥᠷᠢᠴᠡᠬᠦ ᠨᠢ ᠢᠴᠢᠭᠦᠷᠢ ᠭᠤᠲᠤᠮᠰᠢᠭ ᠲᠠᠢ ᠤᠰᠤᠨ ᠠᠰᠢᠭᠯᠠᠯᠲᠠ ᠶᠢᠨ ᠠᠵᠢᠯ ᠤᠨ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠣᠶ ᠪᠣᠯᠭᠠᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠬᠠᠩᠭᠠᠵᠠᠢ ᠃    ᠺᠢᠨᠣ᠋ ᠦᠵᠡᠬᠦ ᠪᠠᠷ ᠳᠠᠮᠵᠢᠨ ᠂ ᠬᠥᠭᠵᠢᠭᠦᠯᠦᠯᠲᠡ ᠶᠢᠨ ᠲᠥᠪ ᠤᠨ ᠥᠷᠭᠡᠨ ᠤᠯᠠᠨ ᠺᠠᠳ᠋ᠷ ᠠᠵᠢᠯᠴᠢᠨ ᠬᠠᠤᠯᠢ  ᠪᠠᠷ ᠲᠤᠰᠠᠯᠠᠬᠤ ᠬᠠᠤᠯᠢᠴᠢ ᠶᠢᠨ ᠴᠠᠭ ᠢᠮᠠᠭᠲᠠ ᠠᠷᠠᠳ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠᠷ ᠳᠠᠮᠵᠢᠭᠤᠯᠤᠨ᠂ ᠠᠷᠠᠳ ᠲᠦᠮᠡᠨ ᠤ ᠡᠷᠬᠡ ᠠᠰᠢᠭ ᠢ ᠬᠠᠤᠯᠢ ᠴᠠᠭᠠᠵᠠ ᠳᠤ ᠲᠦᠰᠢᠭᠯᠡᠨ ᠪᠠᠲᠤᠯᠠᠬᠤ᠂ ᠬᠠᠤᠯᠢ ᠴᠠᠭᠠᠵᠠ ᠶᠢᠨ ᠡᠷᠬᠡ ᠰᠦᠷ ᠢ ᠠᠷᠠᠳ ᠲᠦᠮᠡᠨ ᠳᠤ ᠲᠦᠰᠢᠭᠯᠡᠨ ᠬᠠᠮᠠᠭᠠᠯᠠᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠠᠶᠢᠭᠤᠯᠬᠤ ᠤᠯᠤᠰ ᠲᠦᠷᠦ ᠶᠢᠨ ᠤᠬᠠᠮᠰᠠᠷ ᠢ ᠪᠠᠲᠤᠳᠬᠠᠪᠠ᠃
3-2.jpg
    ᠡᠨᠡ ᠤᠳᠠᠭ᠎ᠠ ᠺᠢᠨᠣ᠋ ᠦᠵᠡᠭᠰᠡᠨ ᠨᠢ ᠥᠷᠭᠡᠨ ᠤᠯᠠᠨ ᠺᠠᠳ᠋ᠷ ᠠᠵᠢᠯᠴᠢᠨ ᠳᠤ ᠬᠠᠨᠳᠤᠭᠤᠯᠤᠭᠰᠠᠨ ᠬᠠᠤᠯᠢ ᠲᠦᠷᠢᠮ ᠤᠨ ᠤᠬᠠᠭᠤᠯᠭ᠎ᠠ ᠪᠣᠯᠬᠤ ᠪᠠᠷ ᠪᠠᠷᠠᠬᠤ ᠦᠭᠡᠢ ᠪᠠᠰᠠ ᠥᠷᠭᠡᠨ ᠤᠯᠠᠨ ᠺᠠᠳ᠋ᠷ ᠤᠨ ᠦᠢᠯᠡᠴᠢᠯᠡᠭᠡᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠠᠴᠠ ᠬᠠᠤᠯᠢᠵᠢᠯ ᠤᠨ ᠤᠬᠠᠭᠤᠯᠭ᠎ᠠ  ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠺᠠᠳ᠋ᠷ ᠠᠵᠢᠯᠲᠠᠨ ᠤ ᠬᠠᠤᠯᠢᠵᠢᠯ ᠤᠨ ᠤᠬᠠᠮᠰᠠᠷ ᠢ ᠪᠠᠬᠢᠵᠢᠭᠦᠯᠦᠨ᠎ᠡ᠃ ᠦᠨᠡᠨ ᠰᠠᠶᠢᠨ ᠰᠠᠶᠢᠬᠠᠨ ᠢ ᠪᠠᠳᠠᠷᠠᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠬᠠᠤᠯᠢ ᠶᠢ ᠰᠤᠷᠤᠯᠴᠠᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠶ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号