ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ᠤᠰᠤ ᠲᠠᠲᠠᠬᠤ ᠶᠢ ᠵᠥᠪᠰᠢᠶᠡᠷᠡᠬᠦ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ    ᠠᠷᠭ᠎ᠠ︾ ᠳᠤ ᠵᠠᠰᠠᠪᠤᠷᠢ ᠣᠷᠣᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/5
    8 ᠰᠠᠷ᠎ᠠ ᠶᠢᠨ 3 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠥᠬᠡᠬᠤᠲᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾           ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠰᠠᠪᠤᠷᠢ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠤᠰᠤᠨ ᠠᠰᠢᠭᠯᠠᠯᠲᠠ ᠶᠢᠨ ᠶᠠᠮᠤᠨ ᠤ ᠤᠰᠤᠨ ᠤ ᠡᠬᠢ ᠪᠠᠶᠠᠯᠢᠭ ᠤᠨ ᠲᠥᠪ᠂ ᠤᠮᠠᠷᠠᠲᠤ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠵᠢᠴᠢ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠲᠠᠨ ᠢ ᠤᠷᠢᠵᠤ ᠶᠠᠷᠢᠯᠴᠠᠬᠤ ᠬᠤᠷᠠᠯ ᠳᠤ ᠣᠷᠤᠯᠴᠠᠭᠤᠯᠵᠠᠢ ᠃
W020220805610676091047.jpg
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠷᠯᠢᠭ 155 ᠳ᠋ᠤᠭᠠᠷ ᠲᠣᠭᠠᠲᠤ︶ ᠶᠢ 2008 ᠣᠨ ᠠᠴᠠ ᠡᠬᠢᠯᠡᠨ ᠬᠡᠷᠡᠭᠵᠢᠭᠦᠯᠦᠭᠰᠡᠨ ᠠᠴᠠ ᠨᠠᠰᠢ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠪᠥᠭᠡᠳ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠬᠤ᠂ ᠪᠥᠬᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠦᠢᠯᠡᠳᠪᠦᠷᠢᠯᠡᠯ ᠠᠮᠢ ᠠᠬᠤᠢ ᠶᠢᠨ ᠬᠡᠷᠡᠭᠯᠡᠬᠦ ᠤᠰᠤᠨ ᠤ ᠠᠮᠤᠷ ᠲᠦᠪᠰᠢᠨ ᠪᠠ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ᠃ ᠭᠡᠪᠡᠴᠦ᠂ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠳᠤ ᠭᠦᠨᠵᠡᠭᠡᠢ ᠬᠤᠪᠢᠷᠠᠯᠲᠠ ᠭᠠᠷᠴᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠳᠤ ᠮᠠᠰᠢ ᠣᠯᠠᠨ ᠰᠢᠨ᠎ᠡ ᠥᠷᠢᠰᠦᠯᠳᠦᠭᠡᠨ ᠲᠤᠯᠭᠠᠷᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ ᠨᠢ ᠨᠢᠭᠡᠨᠲᠡ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠵᠣᠬᠢᠴᠠᠬᠤ ᠦᠭᠡᠢ ᠪᠣᠯᠤᠭᠰᠠᠨ ᠪᠠᠶᠢᠨ᠎ᠠ᠃ ᠡᠶᠢᠮᠦ ᠠᠴᠠ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ  ᠶᠢ ᠲᠤᠤᠱᠯᠠᠭᠤᠯᠬᠤ ᠶᠢᠨ ᠰᠢᠨ᠎ᠡ ᠴᠠᠭ ᠦᠶ᠎ᠡ ᠶᠢᠨ ᠤᠰᠤ ᠵᠠᠰᠠᠬᠤ ᠰᠡᠳᠬᠢᠮᠵᠢ ᠶᠢ ᠦᠢᠯᠡᠳᠦᠯᠭᠡᠵᠢᠭᠦᠯᠵᠦ᠂ ᠤᠰᠤᠨ ᠤ ᠡᠬᠢ ᠪᠠᠶᠠᠯᠢᠭ ᠢ ᠬᠠᠮᠢᠶᠠᠷᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠥᠭᠡᠷᠡᠴᠢᠯᠡᠯᠲᠡ ᠶᠢᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠤᠰᠤ ᠲᠠᠲᠠᠬᠤ ᠵᠥᠪᠰᠢᠶᠡᠷᠡᠯ ᠤᠨ ᠳᠦᠷᠢᠮ ᠤᠨ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ  ᠶᠢ ᠲᠡᠭᠦᠯᠳᠡᠷᠵᠢᠭᠦᠯᠵᠦ᠂ ᠤᠰᠤ ᠲᠠᠲᠠᠵᠤ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠢᠵᠠᠭᠠᠷᠯᠠᠯ ᠤᠨ ᠱᠠᠭᠠᠷᠳᠠᠯᠭ᠎ᠠ ᠶᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠳᠤᠮᠳᠠ ᠢᠯᠡᠷᠡᠭᠰᠡᠨ ᠰᠢᠨ᠎ᠡ ᠠᠰᠠᠭᠤᠳᠠᠯ ᠢ ᠰᠢᠢᠳᠪᠤᠷᠢᠯᠡᠨ᠂ 2022 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠭᠦᠢᠴᠡᠳ ᠪᠠᠶᠢᠴᠠᠭᠠᠨ ᠰᠤᠳᠤᠯᠤᠯᠲᠠ ᠬᠢᠨ᠂ ᠥᠷᠭᠡᠨ ᠢᠶᠠᠷ ᠰᠠᠨᠠᠯ ᠬᠤᠷᠢᠶᠠᠵᠤ ᠂ ᠪᠤᠰᠤᠳ ᠮᠤᠵᠢ ᠶᠢᠨ ᠬᠠᠤᠯᠢ ᠲᠣᠭᠲᠠᠭᠠᠭᠰᠠᠨ ᠲᠤᠷᠰᠢᠯᠭ᠎ᠠ ᠪᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠣᠯᠣᠨ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ ︾  ᠳᠤ ᠵᠠᠰᠠᠪᠤᠷᠢ ᠣᠷᠣᠭᠤᠯᠬᠤ ᠠᠩᠬᠠᠨ ᠤ ᠨᠣᠣᠷᠠᠭ ᠢ ᠳᠤᠷᠠᠳᠴᠠᠢ ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠣᠳᠣᠬᠠᠨ ᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠰᠢᠨ᠎ᠡ ᠠᠰᠠᠭᠤᠳᠠᠯ ᠰᠢᠨ᠎ᠡ ᠱᠠᠭᠠᠷᠳᠠᠯᠭ᠎ᠠ᠂ ᠬᠠᠤᠯᠢ ᠶᠣᠰᠣᠭᠠᠷ ᠤᠰᠤ ᠬᠠᠮᠢᠶᠠᠷᠴᠤ ᠤᠰᠤ ᠬᠡᠷᠡᠭᠯᠡᠬᠦ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠲᠠᠯ᠎ᠠ ᠪᠠᠷ ᠰᠠᠨᠠᠯ ᠢᠶᠠᠨ ᠭᠦᠢᠴᠡᠳ ᠢᠯᠡᠳᠬᠡᠭᠰᠡᠨ ᠪᠥᠭᠡᠳ ᠡᠷᠬᠢᠮ ᠨᠠᠨᠳᠢᠨ ᠰᠠᠨᠠᠭᠤᠯᠭ᠎ᠠ   ᠳᠤᠷᠠᠳᠪᠠ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号