ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ︽ᠬᠤᠪᠢᠰᠬᠠᠯ ᠤᠨ ᠵᠣᠷᠢᠭ ᠰᠠᠨᠠᠭ᠎ᠠ ᠶᠢ ᠦᠷᠭᠦᠯᠵᠢᠯᠡᠭᠦᠯᠵᠦ ᠦᠶᠡᠷ ᠢ ᠰᠡᠷᠭᠡᠶᠢᠯᠡᠬᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠶ᠎ᠡ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/8
    ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠬᠤ ᠶᠢᠨ ᠲᠥᠯᠥᠭᠡ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠡᠰᠡᠷᠭᠦᠴᠡᠬᠦ᠂ ᠶᠡᠭᠡ ᠭᠠᠮᠰᠢᠭ ᠠᠴᠠ ᠠᠪᠤᠷᠠᠬᠤ ᠳᠤ ᠪᠠᠲᠤ ᠰᠠᠭᠤᠷᠢᠯᠠᠵᠤ᠂ ᠣᠳᠣᠬᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠭᠠᠮᠰᠢᠭ ᠤᠨ ᠠᠳᠡᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠂ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ ᠂ 8 ᠰᠠᠷ᠎ᠠ ᠶᠢᠨ 6 ᠤ ᠡᠳᠦᠷ ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠤᠨ ᠬᠢᠨ ᠣᠳᠣᠬᠠᠨ ᠤ ᠦᠶᠡᠷ ᠤᠨ ᠬᠤᠭᠤᠴᠠᠭᠠᠨ ᠤ ᠠᠵᠢᠯ ᠲᠠᠢ ᠪᠠᠨ ᠤᠶᠠᠯᠳᠤᠭᠤᠯᠵᠤ ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠤᠯᠠᠭᠠᠨᠬᠦᠦ ᠶᠢᠨ ᠬᠠᠭᠤᠴᠢᠨ ᠰᠠᠭᠤᠴᠠ ᠪᠣᠯᠣᠨ ᠦ᠋ ᠢ ᠤᠰᠤᠨ ᠴᠥᠭᠦᠷᠥᠮ ᠳᠤ ᠬᠦᠷᠴᠦ ︽ ᠬᠤᠪᠢᠰᠬᠠᠯ ᠤᠨ ᠵᠣᠷᠢᠭ ᠰᠠᠨᠠᠭ᠎ᠠ ᠶᠢ ᠦᠷᠭᠦᠯᠵᠢᠯᠡᠭᠦᠯᠵᠦ ᠂ ᠦᠶᠡᠷ ᠢ ᠰᠡᠷᠭᠡᠶᠢᠯᠡᠬᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠶ᠎ᠡ ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ ᠃
W020220808640833297050.jpg
    ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠳ ᠲᠠᠶᠢᠯᠪᠤᠷᠢᠯᠠᠯᠲᠠ ᠶᠢ ᠲᠠᠭᠠᠵᠤ ᠤᠷᠢᠳ ᠬᠤᠵᠢᠳ ᠤᠯᠠᠭᠠᠨᠬᠦᠦ ᠶᠢᠨ ᠬᠠᠭᠤᠴᠢᠨ ᠰᠠᠭᠤᠴᠠ ᠶᠢᠨ ᠦᠵᠡᠭᠦᠯᠦᠯᠭᠡ ᠶᠢᠨ ᠭᠡᠷ᠂ ᠬᠠᠭᠤᠴᠢᠨ ᠰᠠᠭᠤᠴᠠ ᠶᠢᠨ ᠤᠤᠯ ᠳᠦᠷᠰᠦ ᠂ ᠪᠢᠴᠢᠯᠭᠡ ᠵᠢᠷᠤᠭ ᠤᠨ ᠲᠢᠩᠬᠢᠮ ᠂ ᠬᠥᠰᠢᠶᠡᠨ ᠤ ᠬᠡᠷᠡᠮ ᠂ ᠬᠤᠸᠠᠢ ᠽᠧ ᠲᠢᠩ ᠵᠡᠷᠭᠡ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠪᠡ ᠃ ᠦᠵᠡᠭᠦᠯᠦᠯᠭᠡ ᠶᠢᠨ ᠲᠠᠰᠤᠭ   ᠨᠢ ᠵᠠᠯᠠᠭᠤ ᠪᠠᠭ᠎ᠠ ᠨᠠᠰᠤᠨ ᠤ ᠦᠶ᠎ᠡ ᠂ ᠨᠤᠲᠤᠭ ᠤᠨ ᠠᠮᠢᠳᠤᠷᠠᠯ ᠂ ᠨᠤᠲᠤᠭ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠭᠡᠷᠡᠯ ᠰᠠᠴᠤᠷᠠᠩᠭᠤᠢ ᠥᠩᠭᠡᠷᠡᠯᠲᠡ ᠵᠡᠷᠭᠡ ᠲᠦᠷᠪᠡᠨ ᠶᠡᠭᠡ ᠠᠭᠤᠯᠭ᠎ᠠ ᠪᠠᠷ ᠳᠠᠮᠵᠢᠭᠤᠯᠤᠨ ᠂ ᠤᠯᠠᠭᠠᠨᠬᠦᠦ ᠨᠥᠬᠦᠷ ᠤᠨ ᠥᠪᠡᠷ ᠤᠨ ᠨᠢᠭᠡ ᠨᠠᠰᠤ ᠪᠠᠨ ᠨᠠᠮ ᠪᠠ ᠠᠷᠠᠳ ᠲᠦᠮᠡᠨ ᠤ ᠦᠢᠯᠡᠰ ᠲᠤ ᠥᠴᠥᠬᠡᠨ ᠴᠦ ᠦᠯᠡᠳᠡᠭᠡᠯ ᠦᠭᠡᠢ ᠵᠣᠷᠢᠭᠤᠯᠤᠭᠰᠠᠨ ᠬᠤᠪᠢᠰᠬᠠᠯ ᠤᠨ ᠥᠩᠭᠡᠷᠡᠯᠲᠡ ᠶᠢ ᠰᠢᠰᠲ᠋ᠧᠮ ᠲᠠᠢ ᠣᠶᠢᠯᠠᠭᠠᠨ ᠰᠤᠷᠤᠯᠴᠠᠵᠠᠢ ᠃ ᠲᠣᠭᠤᠷᠢᠨ ᠦᠵᠡᠭᠰᠡᠨ ᠤ ᠳᠠᠷᠠᠭ᠎ᠠ᠂ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠡᠷᠭᠢᠴᠡᠭᠦᠯᠦᠨ ᠲᠠᠪᠲᠠᠬᠤ ᠪᠠᠷ ᠳᠡᠮᠵᠢᠨ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠠᠬᠢ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠲᠠᠬᠢᠨ ᠨᠢᠭᠡ ᠤᠳᠠᠭ᠎ᠠ ᠣᠶᠢᠯᠠᠭᠠᠵᠤ ᠂ ᠴᠤᠭ ᠪᠠᠳᠠᠷᠠᠩᠭᠤᠢ ᠣᠮᠤᠭ ᠵᠣᠷᠢᠭ᠂ ᠤᠷᠤᠭᠰᠢᠯᠠᠨ ᠲᠠᠪᠰᠢᠬᠤ ᠰᠡᠳᠬᠢᠯᠭᠡ ᠪᠠ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠵᠣᠷᠢᠭ ᠰᠠᠨᠠᠭ᠎ᠠ ᠪᠠᠷ ᠨᠠᠮ ᠳᠤ ᠣᠷᠣᠬᠤ ᠲᠠᠩᠭᠠᠷᠢᠭ ᠤᠨ ᠦᠭᠡᠰ ᠢ ᠦᠢᠯᠡᠳᠦᠯᠭᠡᠵᠢᠭᠦᠯᠬᠦ ᠡᠷᠡᠰ ᠵᠣᠷᠢᠭ ᠢᠶᠠᠨ ᠪᠠᠲᠤᠳᠬᠠᠵᠤ ᠂ ᠯᠠᠪᠳᠠᠭᠤᠨ ᠪᠠᠲᠤᠲᠠᠢ ᠠᠵᠢᠯᠯᠠᠬᠤ ᠣᠪᠣᠷ ᠢᠶᠠᠷ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠢᠲᠡᠭᠡᠯ ᠵᠣᠷᠢᠭ ᠢᠶᠠᠨ ᠨᠡᠮᠡᠭᠳᠡᠭᠦᠯᠪᠡ ᠃
W020220808640833309882.jpg
    ᠳᠠᠷᠠᠭ᠎ᠠ ᠳᠤᠨᠢ ᠂ ᠪᠦᠬᠦ ᠨᠠᠮ ᠤᠨ ᠭᠡᠰᠢᠭᠦᠳ ᠦ᠋ ᠢ ᠤᠰᠤᠨ ᠴᠥᠭᠦᠷᠥᠮ ᠳᠤ ᠤᠰᠤᠨ ᠴᠥᠭᠦᠷᠥᠮ ᠤᠨ ᠪᠠᠷᠢᠯᠭ᠎ᠠ ᠶᠢᠨ ᠪᠣᠳᠠᠲᠤ ᠴᠣᠭᠴᠠ ᠪᠣᠯᠣᠨ ᠳᠣᠲᠣᠭᠠᠳᠤ ᠠᠵᠢᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ ᠂ ᠲᠦᠮᠡᠳ ᠵᠡᠭᠦᠨ ᠬᠤᠰᠢᠭᠤᠨ ᠤ ᠦ᠋ ᠢ ᠤᠰᠤᠨ ᠴᠥᠭᠦᠷᠥᠮ ᠤᠨ ᠬᠠᠮᠢᠶᠠᠷᠤᠯᠲᠠ ᠶᠢᠨ ᠭᠠᠵᠠᠷ ᠤᠨ ᠠᠵᠢᠯᠲᠠᠳ ᠢ ᠲᠣᠬᠤᠨᠢᠭᠤᠯᠵᠤ ᠂ ᠦᠶᠡᠷ ᠤᠨ ᠬᠤᠭᠤᠴᠠᠭᠠᠨ ᠤ ᠠᠵᠢᠯ ᠢ ᠰᠠᠶᠢᠲᠤᠷ ᠬᠢᠬᠦ ᠵᠡᠷᠭᠡ ᠠᠭᠤᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ ᠃ ᠲᠤᠬᠠᠢ ᠶᠢᠨ ᠲᠠᠯᠠᠪᠤᠷ ᠤᠨ ᠰᠣᠯᠢᠯᠴᠠᠭ᠎ᠠ ᠰᠤᠷᠤᠯᠴᠠᠯᠭ᠎ᠠ ᠪᠠᠷ ᠳᠡᠮᠵᠢᠨ᠂ ᠪᠥᠬᠦ ᠠᠵᠢᠯᠲᠠᠨ ᠠᠵᠢᠯᠴᠢᠨ ᠳᠤ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠠᠵᠢᠯᠲᠠᠳ ᠤᠨ ᠦᠶᠡᠷ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢ ᠪᠠᠲᠤ ᠰᠠᠬᠢᠬᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ  ᠮᠡᠳᠡᠷᠡᠭᠦᠯᠵᠡᠢ᠃ ᠵᠠᠯᠭᠠᠭᠠᠳ ᠨᠠᠮ ᠤᠨ ᠡᠭᠦᠷ ᠪᠣᠯᠣᠨ ᠨᠠᠮ ᠤᠨ ᠭᠡᠰᠢᠭᠦᠨ ᠤ ᠦᠶᠡᠷ ᠢ ᠰᠡᠷᠭᠡᠶᠢᠯᠡᠬᠦ ᠳᠤᠮᠳᠠᠬᠢ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠨᠠᠮ ᠤᠨ ᠭᠡᠰᠢᠭᠦᠳ ᠪᠥᠭᠦᠨ ᠢᠯᠡᠳᠭᠡᠭᠰᠡᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号