ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠨᠡᠷ᠎ᠡ ᠮᠡᠳᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2022/9/13
ᠨᠢᠭᠡ᠂ ᠲᠥᠷᠥᠯ ᠵᠦᠶᠯ ᠤᠨ ᠲᠣᠶᠢᠮᠣᠴᠢᠯᠠᠯ1 . ᠲᠥᠷᠥᠯ ᠵᠦᠶᠯ ᠤᠨ ᠨᠡᠷᠡᠶᠢᠳᠦᠯ᠄ ᠰᠢᠨ᠎ᠡ ᠲᠤᠷᠰᠢᠯᠲᠠ ᠶᠢᠨ ᠲᠠᠰᠤᠭ ᠤᠨ ᠥᠭᠡᠷᠡᠴᠢᠯᠡᠬᠦ ᠨᠡᠮᠡᠯᠲᠡ ᠲᠥᠷᠥᠯ ᠵᠦᠶᠯ ᠃2 . ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠭᠠᠯ ᠰᠡᠷᠭᠡᠶᠢᠯᠡᠬᠦ ᠪᠡᠯᠡᠳᠬᠡᠮᠵᠢ᠂ ᠤᠰᠤ ᠣᠷᠣᠭᠤᠯᠵᠤ ᠭᠠᠷᠭᠠᠬᠤ᠂ ᠬᠡᠢ  ᠶᠢᠨ ᠵᠠᠮ᠂ ᠴᠠᠬᠢᠯᠭᠠᠨ ᠬᠡᠯᠬᠢᠶ᠎ᠡ᠂ ᠲᠣᠤᠷ ᠰᠦᠯᠵᠢᠶᠡᠨ ᠤ ᠥᠭᠡᠷᠡᠴᠢᠯᠡᠯᠲᠡ᠂ ᠬᠡᠮᠵᠢᠭᠦᠷᠯᠢᠭ ᠤᠨ ᠲᠡᠭᠡᠭᠡᠪᠦᠷᠢ ᠵᠢᠴᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ᠃3 . ᠬᠥᠷᠥᠩᠭᠡ ᠣᠷᠣᠭᠤᠯᠤᠯᠲᠠ ᠶᠢᠨ ᠪᠠᠢᠳᠠᠯ᠄ ᠶᠡᠷᠦᠩᠬᠡᠢ ᠬᠥᠷᠥᠩᠭᠡ ᠣᠷᠣᠭᠤᠯᠤᠯᠲᠠ30ᠲᠦᠮᠡᠨ ᠲᠥᠭᠦᠷᠢᠭ᠃4 . ᠪᠡᠶᠡᠯᠡᠭᠦᠯᠬᠦ ᠴᠠᠭ ᠪᠠ ᠭᠠᠵᠠᠷ᠄ 2022 ᠪᠦᠬᠦ ᠣᠨ᠂ ᠬᠦᠬᠡᠬᠤᠲᠠ ᠳᠤ ᠃ᠬᠤᠶᠠᠷ᠂ ᠨᠡᠷ᠎ᠡ ᠮᠡᠳᠡᠭᠦᠯᠬᠦ ᠱᠠᠭᠠᠷᠳᠠᠯᠭ᠎ᠠ 1 . ᠣᠷᠣᠯᠠᠬᠤ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃2 . ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠭᠤᠯᠤᠮᠵᠢ ᠂ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ᠂ ᠭᠦᠢᠴᠡᠳ ᠭᠡᠷ᠎ᠡ ᠶᠢ ᠭᠦᠢᠴᠡᠳᠬᠡᠬᠦ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠬᠡᠷᠡᠭᠲᠡᠶ᠃ᠨᠡᠷ᠎ᠡ ᠮᠡᠳᠡᠭᠦᠯᠬᠦ ᠦᠶ᠎ᠡ ᠳᠤ᠂ ᠨᠡᠷ᠎ᠡ ᠮᠡᠳᠡᠭᠦᠯᠦᠭᠴᠢ ᠳᠣᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄1 . ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ ᠪᠠᠨ ᠭᠠᠷᠭᠠᠨ ᠦᠵᠡᠭᠦᠯᠵᠦ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠨ᠎ᠠ᠃2 . ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ 《 ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ 》 ᠭᠠᠷᠭᠠᠵᠤ ᠥᠭᠭᠦᠨ᠎ᠡ᠃3 . ᠤᠯᠤᠰ ᠤᠨ ᠠᠵᠤ ᠦᠶᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠴᠦᠨ ᠲᠠᠢ ᠪᠥᠭᠡᠳ ᠳᠠᠭᠠᠭᠠᠴᠢᠯᠠᠯᠲᠠ ᠬᠦᠯᠢᠶᠡᠭᠰᠡᠨ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ᠃ᠭᠤᠷᠪᠠ ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠬᠤ ᠪᠠᠶᠢᠭᠤᠯᠤᠮᠵᠢ 2022 ᠣᠨ ᠤ 9 ᠳ᠋ᠤᠭᠠᠷ ᠰᠠᠷ᠎ᠠ  ᠶᠢᠨ 8 ᠤ ᠡᠳᠦᠷ ᠠᠴᠠ 2022 ᠣᠨ ᠤ 9 ᠳ᠋ᠤᠭᠠᠷ ᠰᠠᠷ᠎ᠠ ᠶᠢᠨ 9 ᠤ ᠡᠳᠦᠷ ᠪᠣᠯᠲᠠᠯ᠎ᠠ᠂ ᠦᠳᠡ ᠶᠢᠨ ᠡᠮᠦᠨᠡᠬᠢ 9᠄ 00 ᠠᠴᠠ12᠄ 00᠂ ᠦᠳᠡ ᠶᠢᠨ ᠬᠤᠶᠢᠨᠠᠬᠢ 14᠄ 30 ᠠᠴᠠ17᠄ 30 ᠳᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠶᠡᠭᠡ ᠰᠤᠷᠭᠠᠭᠤᠯᠢ ᠶᠢᠨ ᠵᠡᠭᠦᠨ ᠵᠠᠮ ᠤᠨ 120 ᠳ᠋ᠤᠭᠠᠷ ᠠᠰᠠᠷ ᠤᠨ 512 ᠳ᠋ᠦ᠋ᠭᠡᠷ ᠥᠷᠥᠭᠡ᠃ᠰᠢᠦᠳᠠᠨ ᠳ᠋ᠤᠭᠠᠷ᠄ 010010ᠬᠠᠷᠢᠯᠴᠠᠬᠤ ᠬᠥᠮᠦᠨ᠄ ᠯᠢᠦᠢ ᠰᠢᠶᠠᠩ ᠸᠧᠨᠬᠠᠷᠢᠯᠴᠠᠬᠤ ᠤᠲᠠᠰᠤ᠄ 157 5040 2997         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ        ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ        2022 ᠣᠨ ᠤ 9 ᠰᠠᠷ᠎ᠠ ᠶᠢᠨ 6 ᠤ ᠡᠳᠦᠷ   
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号