《ᠤᠮᠠᠷᠠᠲᠤ ᠣᠷᠣᠨ ᠤ ᠳᠠᠷᠪᠠᠭᠤᠯ ᠬᠡᠶᠢᠰᠴᠦ  ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠨᠠᠮ · ᠬᠠᠵᠠᠭᠤ ᠬᠠᠪᠢ ᠶᠢᠨ ᠦᠨᠡᠨ ᠬᠡᠷᠡᠭ》 《ᠤᠰᠤᠨ ᠤ ᠠᠮᠢ ᠠᠬᠤᠶ》ᠠᠷᠠᠳ ᠢ ᠪᠠᠶᠠᠵᠢᠭᠤᠯᠬᠤ 《ᠤᠰᠤᠨ ᠤ ᠠᠵᠤ ᠠᠬᠤᠶ》 ᠶᠢ ᠠᠮᠢᠳᠤᠯᠢᠭᠵᠢᠪᠠ
ᠨᠡᠶᠢᠲᠡᠯᠡᠭᠰᠡᠨ ᠴᠠᠭ᠄
2022/9/13
    ᠨᠠᠮᠤᠷ ᠤᠨ ᠰᠠᠯᠬᠢᠨ ᠳᠤ ᠨᠠᠢᠮᠠᠯᠵᠢ  ᠶᠢᠨ ᠬᠥᠯ ᠨᠢ ᠲᠠᠷᠭᠤᠯᠠᠵᠤ᠂ ᠲᠣᠤᠷ ᠳᠦᠭᠦᠷᠦᠭᠰᠡᠨ ᠨᠠᠶᠢᠮᠠᠯᠵᠢ ᠶᠢ ᠱᠦᠭᠦᠨ ᠭᠠᠷᠬᠤ ᠶᠢ ᠬᠠᠷᠠᠭᠠᠳ ᠣᠷᠳᠣᠰ ᠬᠤᠲᠠ ᠶᠢᠨ ᠬᠠᠩᠭᠢᠨ ᠬᠤᠰᠢᠭᠤᠨ ᠤ ᠬᠦᠬᠡᠮᠤᠳᠤ ᠪᠠᠯᠭᠠᠰᠤᠨ ᠤ ᠪᠠᠶᠠᠨ᠋ᠦ᠌ᠨᠳᠦᠷ ᠭᠠᠴᠠᠭᠠᠨ ᠤ ᠮᠠᠯᠴᠢᠳ ᠲᠤᠶᠢᠯ ᠤᠨ ᠪᠠᠶᠠᠷᠲᠠᠢ ᠪᠠᠶᠢᠯ᠎ᠠ᠃    9 ᠳ᠋ᠦ᠋ᠭᠡᠷ ᠰᠠᠷ᠎ᠠ ᠶᠢᠨ 7 ᠤ ᠡᠳᠦᠷ᠂ ᠡᠯᠡᠰᠦᠨ ᠴᠦᠯ ᠤᠨ ᠤᠷᠲᠤ ᠵᠠᠰᠠᠮᠠᠯ ᠵᠠᠮ ᠢᠶᠠᠷ ᠨᠡᠪᠲᠡᠷᠡᠭᠡᠳ ᠰᠤᠷᠪᠤᠯᠵᠢᠯᠠᠭᠴᠢ ᠬᠥᠪᠴᠢ ᠶᠢᠨ ᠡᠯᠡᠰᠦᠨ ᠤ ᠥᠷᠥᠴᠡ ᠭᠠᠵᠠᠷ ᠲᠤ ᠬᠦᠷᠴᠦ᠂ ᠮᠠᠨ ᠭᠤᠸᠠᠢ ᠶᠢᠨ ᠭᠡᠷ ᠤᠨ《ᠡᠯᠡᠰᠦᠨ ᠴᠦᠯ ᠤᠨ ᠨᠠᠢᠮᠠᠯᠵᠢ 》 ᠶᠢᠨ ᠡᠯᠪᠡᠭ ᠬᠤᠷᠢᠶᠠᠯᠲᠠ ᠣᠯᠤᠭᠰᠠᠨ ᠢ ᠦᠵᠡᠨ ᠭᠡᠷᠡᠴᠢᠯᠡᠪᠡ᠃ ᠨᠢᠳᠤᠷᠭ᠎ᠠ ᠶᠢᠨ ᠬᠢᠷᠢ ᠲᠠᠢ ᠨᠠᠶᠮᠠᠯᠵᠢ᠂ ᠨᠢᠭᠡ ᠵᠢᠩ ᠳᠡᠭᠡᠨ 50 ᠲᠥᠭᠦᠷᠢᠭ᠂ ᠨᠢᠭᠡ ᠭᠠᠷᠠᠭ ᠪᠣᠯᠤᠭ᠎ᠠ ᠦᠭᠡᠢ ᠪᠠᠷ ᠮᠠᠨ ᠭᠤᠸᠠᠢ  ᠶᠢᠨ ᠬᠢ 5000 ᠭᠠᠷᠤᠶ ᠵᠢᠩ ᠬᠤᠳᠠᠯᠳᠤᠪᠠ  ᠃    ᠮᠠᠨ ᠭᠤᠸᠠᠢ ᠨᠡᠷ᠎ᠡ ᠨᠠᠷᠠᠨᠮᠠᠨᠳᠤᠬᠤ ᠭᠡᠳᠡᠭ᠂ ᠲᠡᠭᠦᠨ ᠤ ᠭᠡᠷ ᠲᠤ 8800 ᠮᠦ ᠪᠡᠯᠴᠢᠭᠡᠷ ᠲᠠᠢ᠃ ᠪᠡᠯᠴᠢᠭᠡᠷ  ᠭᠡᠵᠦ ᠬᠡᠯᠡᠪᠡᠴᠦ ᠂ ᠥᠩᠭᠡᠷᠡᠭᠡᠭᠰᠡᠨ ᠳᠤ ᠣᠯᠠᠩᠬᠢ ᠨᠢ ᠡᠯᠡᠰᠦᠨ ᠡᠭᠦᠷ᠂ ᠭᠠᠩ ᠬᠠᠭᠤᠷᠠᠶ ᠪᠣᠷᠣᠭᠠᠨ ᠪᠠᠭ᠎ᠠ ᠪᠣᠯ ᠡᠩ  ᠤᠨ  ᠪᠠᠶᠢᠳᠠᠯ ᠪᠣᠯᠣᠭᠠᠳ ᠂ ᠦᠬᠡᠷ ᠬᠤᠨᠢ ᠪᠦᠷ ᠢᠳᠡᠵᠦ ᠴᠠᠳᠬᠤ ᠦᠭᠡᠢ ᠪᠠᠶᠢᠭᠰᠠᠨ ᠃    ᠠᠷᠪᠠᠨ ᠵᠢᠯ ᠤᠨ ᠡᠮᠦᠨ᠎ᠡ᠂ ᠮᠠᠨ ᠠᠪᠠᠭᠠᠢ ᠪᠣᠯ ᠬᠥᠯᠥᠰᠥᠨ ᠠᠵᠢᠯ ᠬᠢᠵᠦ ᠠᠮᠢᠳᠤᠷᠠᠯ ᠢᠶᠠᠨ ᠠᠷᠭᠠᠴᠠᠵᠤ ᠪᠠᠶᠢᠭᠰᠠᠨ ᠮᠠᠯᠴᠢᠨ ᠶᠤᠮ᠂ ᠭᠡᠷ ᠲᠡᠭᠡᠨ 20 ᠬᠦᠷᠬᠦ ᠦᠭᠡᠢ‌ᠦᠬᠡᠷ ᠲᠡᠵᠢᠭᠡᠵᠦ᠂ ᠨᠢᠭᠡ ᠵᠢᠯ ᠤᠨ ᠣᠷᠣᠯᠭ᠎ᠠ ᠨᠢ ᠠᠷᠠᠢ ᠯᠠ ᠬᠡᠳᠦᠨ ᠲᠦᠮᠡᠨ ᠲᠥᠭᠦᠷᠢᠭ ᠪᠠᠶᠢᠵᠠᠢ ᠃ ᠣᠳᠣ ᠲᠡᠳᠡᠨ ᠤ ᠦᠬᠡᠷ 700 ᠭᠠᠷᠤᠶ ᠲᠣᠯᠣᠭᠠᠢ ᠪᠣᠯᠵᠤ᠂ ᠨᠢᠭᠡ ᠦᠬᠡᠷ ᠢ ᠳᠤᠮᠳᠠᠴᠢ ᠪᠠᠷ ᠲᠦᠮᠡᠨ ᠲᠥᠭᠦᠷᠢᠭ ᠢᠶᠠᠷ ᠬᠤᠳᠠᠯᠳᠤᠵᠤ᠂ ᠣᠷᠣᠯᠭ᠎ᠠ ᠨᠢ ᠴᠤ ᠳᠠᠬᠢᠨ ᠢᠶᠠᠷ ᠨᠡᠮᠡᠭᠳᠡᠵᠡᠶ᠃    ᠬᠤᠪᠢᠷᠠᠯᠲᠠ ᠭᠠᠷᠤᠭᠰᠠᠨ ᠪᠣᠯ ᠣᠶᠢᠷ᠎ᠠ ᠶᠢᠨ ᠬᠡᠳᠦᠨ ᠵᠢᠯ ᠤᠨ ᠶᠠᠪᠤᠳᠠᠯ ᠪᠣᠯᠣᠨ᠎ᠠ ᠂ ᠡᠭᠦᠨ ᠢ ᠬᠠᠩᠭᠢᠨ ᠬᠤᠰᠢᠭᠤ ᠬᠠᠲᠤᠨ ᠭᠤᠤᠯ ᠤᠨ ᠬᠠᠯᠢᠶ᠎ᠠ ᠤᠰᠤ ᠶᠢ ᠡᠯᠡᠰᠦᠨ ᠴᠥᠯ ᠳᠤ ᠲᠠᠲᠠᠵᠤ ᠣᠷᠣᠭᠤᠯᠬᠤ ᠠᠴᠠ ᠡᠬᠢᠯᠡᠵᠦ ᠶᠠᠷᠢᠬᠤ ᠬᠡᠷᠡᠭᠲᠡᠶ᠃    ᠨᠠᠮᠤᠷ ᠤᠨ ᠡᠬᠢᠨ ᠤ ᠬᠠᠩᠭᠢᠨ ᠬᠤᠰᠢᠭᠤᠨ ᠳᠤ ᠵᠢᠭᠠᠬᠠᠨ ᠰᠡᠷᠢᠭᠦᠨ ᠪᠠᠶᠢᠵᠤ᠂ ᠥᠨᠳᠥᠷ ᠲᠤ ᠵᠣᠭᠰᠣᠨ ᠬᠥᠪᠴᠢ ᠶᠢᠨ ᠬᠠᠲᠤᠨ ᠭᠤᠤᠯ ᠳᠠᠭᠠᠤ ᠠᠮᠢ ᠠᠬᠤᠶ ᠶᠢ ᠬᠠᠮᠠᠭᠠᠯᠠᠬᠤ ᠪᠠ ᠶᠡᠷᠦᠩᠬᠡᠶᠢᠯᠡᠨ ᠵᠠᠰᠠᠬᠤ ᠲᠥᠷᠥᠯ ᠵᠦᠶᠯ ᠢ ᠪᠠᠷᠠᠯᠠᠬᠤ ᠳᠤ᠂ ᠡᠩ ᠤᠨ ᠦᠶ᠎ᠡ ᠳᠤ ᠣᠯᠵᠤ ᠬᠠᠷᠠᠳᠠᠭ ᠡᠯᠡᠰᠦᠨ ᠴᠥᠯ ᠲᠠᠢ ᠠᠳᠠᠯᠢ ᠥᠬᠡᠶ᠂ ᠨᠢᠳᠦᠨ ᠡᠮᠦᠨᠡᠬᠢ ᠦᠵᠡᠮᠵᠢ  ᠶᠢ ᠬᠠᠮᠠᠷ ᠬᠠᠳᠬᠤᠬᠤ ᠡᠪᠡᠰᠦ ᠥᠬᠡᠶ ᠡᠯᠡᠰᠦᠨ ᠴᠥᠯ ᠲᠠᠢ ᠬᠤᠯᠪᠣᠨ ᠪᠣᠳᠣᠵᠤ ᠳᠡᠶᠢᠯᠬᠦ ᠦᠭᠡᠢ ᠂ ᠶᠡᠭᠡ ᠪᠠᠭ᠎ᠠ ᠨᠠᠭᠤᠷ ᠴᠥᠭᠦᠷᠥᠮ ᠨᠢ ᠶᠠᠭ ᠮᠥᠬᠦᠯᠢᠭ ᠰᠤᠪᠤᠳ ᠤᠳ ᠰᠢᠭ ᠢᠶᠠᠷ ᠡᠯᠡᠰᠦᠨ ᠴᠥᠯ ᠤᠨ ᠥᠷᠥᠴᠡᠨ ᠳᠤ ᠲᠠᠷᠬᠠᠵᠤ ᠪᠠᠶᠢᠳᠠᠭ᠃    《ᠥᠩᠭᠡᠷᠡᠭᠰᠡᠨ ᠳᠤ ᠳᠣᠲᠣᠷ᠎ᠠ ᠨᠢ ᠡᠯᠡᠰᠦᠨ ᠤ ᠭᠠᠮᠰᠢᠭ᠂ ᠭᠠᠳᠠᠨ᠎ᠠ ᠨᠢ ᠤᠰᠤᠨ ᠤ ᠭᠠᠮᠰᠢᠭ ᠪᠠᠶᠢᠭᠰᠠᠨ᠂ ᠤᠳᠤ ᠤᠰᠤ ᠪᠠᠷ ᠡᠯᠡᠰᠦ ᠶᠢ ᠵᠠᠰᠠᠵᠤ᠂ ᠡᠯᠡᠰᠦᠨ ᠴᠦᠯ ᠤᠨ ᠥᠷᠥᠴᠡ ᠭᠠᠵᠠᠷ ᠢ ᠴᠤ ᠡᠷᠳᠡᠨᠢ            ᠪᠣᠯᠭᠠᠪᠠ᠃》ᠭᠡᠵᠦ ᠬᠠᠩᠭᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠠᠩ ᠶᠦᠩ ᠮᠤᠤ ᠬᠡᠯᠡᠪᠡ᠃    ᠶᠠᠩ ᠶᠦᠩ ᠮᠤᠤ ᠶᠢᠨ ᠲᠠᠨᠢᠯᠴᠠᠭᠤᠯᠤᠭᠰᠠᠨ ᠢᠶᠠᠷ᠂ ᠬᠠᠲᠤᠨ ᠭᠤᠤᠯ ᠤᠨ ᠬᠠᠩᠭᠢᠨ ᠬᠤᠰᠢᠭᠤ ᠪᠠᠷ ᠤᠷᠤᠰᠤᠨ ᠥᠩᠭᠡᠷᠡᠬᠦ ᠪᠥᠬᠦ ᠣᠷᠳᠣ ᠨᠢ 249 ᠺᠢᠯᠣᠮᠧᠲᠷ ᠪᠠᠶᠢᠵᠤ᠂ ᠪᠥᠬᠦ ᠤᠯᠤᠰ ᠤᠨ ᠬᠠᠲᠤᠨ ᠭᠤᠤᠯ ᠤᠨ ᠰᠠᠪᠠ ᠭᠠᠵᠠᠷ  ᠤᠨ ᠤᠷᠤᠰᠤᠨ ᠥᠩᠭᠡᠷᠡᠬᠦ ᠬᠠᠮᠤᠭ ᠤᠨ ᠣᠷᠳᠣ ᠬᠤᠰᠢᠭᠤ ᠰᠢᠶᠠᠨ ᠪᠣᠯᠤᠨ᠎ᠠ᠃ ᠵᠢᠯ ᠪᠦᠷᠢ ᠬᠠᠲᠤᠨ ᠭᠤᠤᠯ ᠤᠨ ᠬᠢᠯᠢ ᠪᠠᠷ ᠥᠩᠭᠡᠷᠡᠬᠦ ᠤᠰᠤᠨ ᠤ ᠬᠡᠮᠵᠢᠶ᠎ᠡ ᠨᠢ ᠪᠠᠷᠤᠭ 310 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ ᠂ ᠬᠠᠯᠢᠶ᠎ᠠ ᠬᠥᠯᠳᠡᠬᠦ ᠪᠠ ᠭᠤᠤᠯ ᠮᠥᠷᠡᠨ ᠤ ᠬᠠᠯᠢᠶ᠎ᠠ ᠬᠤᠶᠠᠷ ᠶᠠᠪᠤᠴᠠ ᠶᠢ ᠥᠩᠭᠡᠷᠡᠭᠡᠵᠦ᠂ ᠬᠠᠯᠢᠶ᠎ᠠ ᠶᠢᠨ ᠬᠤᠭᠤᠴᠠᠭ᠎ᠠ ᠨᠢ 120 ᠡᠳᠦᠷ᠂ ᠬᠠᠯᠢᠶ᠎ᠠ ᠦᠶᠡᠷ ᠤᠨ ᠬᠤᠭᠤᠴᠠᠭᠠᠨ ᠤ ᠳᠤᠮᠳᠠᠴᠢ ᠤᠰᠤ ᠬᠠᠳᠠᠭᠠᠯᠠᠬᠤ ᠬᠡᠮᠵᠢᠶ᠎ᠡ  ᠨᠢ 14 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠪᠠᠶᠢᠳᠠᠭ ᠃ ᠢᠯᠠᠩᠭᠤᠶ᠎ᠠ ᠬᠠᠪᠤᠷ ᠤᠨ ᠤᠯᠠᠷᠢᠯ ᠳᠤ ᠭᠤᠣᠯ ᠭᠡᠰᠬᠦ ᠬᠤᠭᠤᠴᠠᠭᠠᠨ ᠳᠤ᠂ ᠡᠨᠡ ᠣᠷᠴᠢᠮ ᠬᠠᠯᠢᠶ᠎ᠠ ᠶᠢ ᠰᠡᠷᠭᠡᠶᠢᠯᠡᠬᠦ ᠳᠠᠷᠤᠯᠲᠠ ᠯᠤᠲᠤ ᠶᠡᠭᠡ ᠪᠠᠶᠢᠵᠤ᠂ ᠦᠶᠡᠷ ᠢ ᠰᠡᠷᠭᠡᠶᠢᠯᠡᠬᠦ ᠶᠡᠭᠡ ᠬᠠᠰᠢᠯᠭ᠎ᠠ ᠶᠢ ᠰᠦᠷᠳᠡᠭᠦᠯᠬᠦ ᠪᠠᠷ ᠪᠠᠷᠠᠬᠤ ᠦᠭᠡᠢ ᠪᠠᠰᠠ ᠬᠠᠯᠢᠶ᠎ᠠ ᠦᠶᠡᠷ ᠤᠨ ᠭᠠᠮᠰᠢᠭ  ᠢ ᠡᠭᠦᠰᠭᠡᠵᠦ᠂ ᠬᠠᠳᠤᠨ ᠭᠤᠣᠯ ᠤᠨ ᠳᠤᠤᠷᠠᠳᠤ ᠤᠷᠤᠰᠬᠠᠯ ᠤᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ  ᠶᠢᠨ ᠠᠮᠤᠷ ᠲᠦᠪᠰᠢᠨ ᠢ ᠨᠥᠯᠥᠭᠡᠯᠡᠨ᠎ᠡ ᠃    ᠬᠠᠲᠤᠨ ᠭᠤᠤᠯ ᠲᠠᠢ ᠬᠥᠷᠰᠢᠯᠡᠵᠦ ᠪᠠᠶᠢᠭ᠎ᠠ ᠬᠥᠪᠴᠢ ᠶᠢᠨ ᠡᠯᠡᠰᠦᠨ ᠳᠤ᠂ ᠤᠰᠤᠨ ᠤ ᠡᠬᠢ ᠰᠤᠷᠪᠤᠯᠵᠢ ᠳᠤᠲᠠᠮᠠᠭ ᠠᠴᠠ ᠪᠣᠯᠵᠣ᠂ ᠤᠤᠯ ᠤᠨ ᠪᠠᠶᠢᠭ᠎ᠠ ᠨᠠᠭᠤᠷ ᠴᠥᠭᠦᠷᠥᠮ ᠬᠠᠲᠠᠵᠤ ᠂ ᠨᠤᠲᠤᠭ ᠪᠡᠯᠴᠢᠭᠡᠷ ᠡᠯᠡᠰᠦᠷᠬᠡᠭᠵᠢᠵᠦ ᠂ ᠠᠮᠢ ᠠᠬᠤᠶ ᠣᠷᠴᠢᠨ ᠲᠣᠭᠤᠷᠢᠨ ᠲᠤᠶᠢᠯ ᠤᠨ ᠬᠡᠪᠡᠷᠡᠭ ᠪᠣᠯᠵᠣ᠂ ᠣᠯᠠᠨ ᠲᠦᠮᠡᠨ ᠣᠷᠣᠰᠢᠨ ᠠᠮᠢᠳᠤᠷᠠᠬᠤ ᠶᠢᠨ ᠠᠷᠭ᠎ᠠ ᠥᠬᠡᠶ ᠬᠦᠴᠢᠷᠳᠡᠯ ᠳᠤ ᠲᠤᠯᠭᠠᠷᠠᠨ᠂ ᠠᠷᠭ᠎ᠠ ᠪᠤᠰᠤ ᠠᠮᠢ ᠠᠬᠤᠶ ᠶᠢᠨ ᠨᠡᠭᠦᠳᠡᠯ ᠬᠢᠵᠦ ᠂《ᠡᠯᠡᠰᠦ ᠤᠷᠤᠭᠰᠢᠯᠠᠵᠤ ᠬᠥᠮᠦᠨ ᠤᠬᠤᠷᠢᠬᠤ》ᠮᠠᠭᠤ ᠪᠠᠶᠢᠳᠠᠯ ᠢᠯᠡᠷᠡᠵᠡᠶ᠃ᠨᠢᠭᠡ ᠲᠠᠯ᠎ᠠ ᠪᠠᠷ᠂ ᠶᠡᠭᠡ ᠬᠡᠮᠵᠢᠶᠡᠨ ᠤ ᠤᠰᠤᠨ ᠤ ᠡᠬᠢ ᠰᠤᠷᠪᠤᠯᠵᠢ ᠶᠢ ᠲᠠᠯᠠᠭᠠᠷ ᠰᠦᠶᠳᠬᠡᠵᠦ᠂ ᠨᠥᠭᠦᠭᠡ ᠲᠠᠯ᠎ᠠ  ᠪᠠᠷ᠂ ᠬᠠᠲᠤᠨ ᠭᠤᠤᠯ ᠲᠠᠢ ᠬᠥᠷᠰᠢᠯᠡᠵᠦ ᠪᠠᠶᠢᠭ᠎ᠠ ᠬᠥᠪᠴᠢ ᠶᠢᠨ ᠡᠯᠡᠰᠦᠨ ᠤ ᠤᠰᠤᠨ ᠤ ᠡᠬᠢ ᠰᠤᠷᠪᠤᠯᠵᠢ ᠳᠤᠲᠠᠭᠳᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠬᠦᠴᠢᠷ ᠠᠰᠠᠭᠤᠳᠠᠯ ᠬᠦᠨᠳᠦ ᠨᠣᠴᠢᠲᠠᠶ ᠪᠠᠶᠢᠨ᠎ᠠ᠃    ᠶᠠᠭᠤᠨ ᠳᠤ ᠬᠠᠲᠤᠨ ᠭᠤᠣᠯ ᠤᠨ ᠬᠠᠯᠢᠶ᠎ᠠ ᠶᠢ ᠡᠯᠡᠰᠦᠨ ᠳᠤ ᠲᠠᠲᠠᠵᠤ ᠣᠷᠣᠭᠤᠯᠬᠤ ᠦᠭᠡᠢ ᠪᠤᠢ ︖    ᠡᠨᠡᠬᠦ ᠵᠣᠷᠢᠭᠲᠠᠶ ᠰᠡᠳᠬᠢᠮᠵᠢ ᠪᠠᠷ᠂ 2013 ᠣᠨ ᠳᠤ ᠬᠠᠩᠭᠢᠨ ᠬᠤᠰᠢᠭᠤ ᠡᠷᠬᠡ ᠬᠦᠨᠳᠦᠲᠦ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠯᠭᠡᠪᠡ᠃ ᠨᠤᠲᠠᠯᠠᠯᠲᠠ ᠪᠠᠷ ᠳᠡᠮᠵᠢᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠬᠠᠲᠤᠨ ᠭᠤᠤᠯ ᠤᠨ ᠬᠠᠯᠢᠶ᠎ᠠ ᠦᠶᠡᠷ  ᠤᠨ ᠤᠰᠤᠨ ᠲᠦᠪᠰᠢᠨ ᠥᠨᠳᠥᠷ ᠪᠠᠶᠢᠬᠤ ᠦᠶ᠎ᠡ ᠳᠤ ᠬᠠᠯᠢᠶ᠎ᠠ ᠤᠰᠤ ᠶᠢ ᠡᠯᠡᠰᠦᠨ ᠴᠥᠯ ᠤᠨ ᠬᠤᠲᠣᠭᠤᠷ ᠭᠠᠵᠠᠷ  ᠲᠤ ᠲᠡᠳᠡᠨ ᠣᠷᠣᠭᠤᠯᠬᠤ ᠲᠥᠰᠦᠯ ᠢ ᠶᠡᠷᠦᠩᠬᠡᠶ ᠳᠡᠭᠡᠨ ᠬᠡᠷᠡᠭᠵᠢᠭᠦᠯᠵᠦ ᠪᠣᠯᠤᠨ᠎ᠠ ᠭᠡᠵᠦ ᠰᠠᠨᠠᠯ ᠨᠢᠭᠡᠲᠡᠶ ᠦᠵᠡᠪᠡ᠃ 20 ᠭᠠᠷᠤᠶ ᠡᠳᠦᠷ ᠡᠷᠡᠯᠬᠡᠭᠯᠡᠨ ᠴᠢᠷᠮᠠᠶᠢᠭᠠᠳ ᠬᠠᠲᠤᠨ ᠭᠤᠣᠯ ᠤᠨ ᠬᠠᠯᠢᠶ᠎ᠠ ᠶᠢ ᠰᠠᠯᠭᠠᠨ ᠤᠰᠤ ᠲᠠᠲᠠᠬᠤ ᠠᠵᠢᠯ ᠠᠮᠵᠢᠯᠲᠠ ᠣᠯᠵᠠᠶ᠃    2018 ᠣᠨ ᠳᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ 6524 ᠲᠦᠮᠡᠨ ᠲᠥᠭᠦᠷᠢᠭ ᠤᠨ ᠤᠰᠤᠨ ᠠᠰᠢᠭᠯᠠᠯᠲᠠ ᠶᠢᠨ ᠲᠥᠷᠥᠯ ᠵᠦᠶᠯ ᠤᠨ ᠲᠥᠪ ᠤᠨ ᠨᠥᠬᠦᠪᠥᠷᠢ ᠪᠠᠯᠠ ᠮᠥᠩᠭᠦ ᠶᠢ ᠣᠯᠵᠤ᠂ ᠬᠠᠲᠤᠨ ᠭᠤᠤᠯ ᠤᠨ ᠬᠡᠰᠡᠭ ᠤᠰᠤ ᠶᠢ ᠬᠥᠪᠴᠢ ᠶᠢᠨ ᠡᠯᠡᠰᠦᠨ ᠴᠥᠯ ᠤᠨ ᠬᠤᠲᠣᠭᠤᠷ ᠭᠠᠵᠠᠷ ᠲᠤ ᠲᠡᠳᠡᠨ ᠣᠷᠣᠭᠤᠯᠬᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠨᠡᠪᠲᠡᠷᠡᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠬᠠᠲᠤᠨ ᠭᠤᠤᠯ  ᠠᠴᠠ ᠤᠰᠤ ᠲᠠᠲᠠᠬᠤ᠂ ᠠᠶᠠᠨᠳᠠᠭᠠᠨ ᠤᠷᠤᠰᠤᠨ ᠥᠩᠭᠡᠷᠡᠬᠦ  ᠳᠤ ᠬᠥᠪᠴᠢ ᠶᠢᠨ ᠡᠯᠡᠰᠦ ᠪᠠᠷ ᠥᠩᠭᠡᠷᠡᠬᠦ᠂ ᠳᠠᠬᠢᠨ ᠬᠠᠲᠤᠨ ᠭᠤᠤᠯ ᠤᠨ ᠤᠰᠤᠨ ᠤ ᠡᠷᠭᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃ ᠬᠥᠪᠴᠢ ᠶᠢᠨ ᠡᠯᠡᠰᠦᠨ  ᠤ《ᠤᠰᠤᠨ ᠤ ᠠᠮᠢ ᠠᠬᠤᠢ》ᠡᠶᠢᠨᠬᠦ ᠪᠦᠷᠢᠯᠳᠦᠵᠡᠢ᠃    ᠠᠯᠭᠤᠷ ᠠᠭᠠᠵᠢᠮ ᠢᠶᠠᠷ ᠬᠥᠮᠥᠰ ᠤᠨ ᠠᠮᠢᠳᠤᠷᠠᠯ ᠢ ᠨᠥᠯᠥᠭᠡᠯᠡᠳᠡᠭ ᠡᠯᠡᠰᠦ ᠨᠢ《ᠣᠷᠣᠰᠢᠨ ᠠᠮᠢᠳᠤᠷᠠᠬᠤ  ᠠᠮᠢ ᠠᠬᠤᠢ ᠶᠢᠨ ᠭᠠᠵᠠᠷ》ᠪᠣᠯᠵᠣ᠂ 20 ᠭᠠᠷᠤᠶ ᠵᠦᠶᠯ ᠤᠨ ᠤᠷᠭᠤᠮᠠᠯ ᠦᠨᠳᠦᠰᠦ ᠬᠠᠳᠬᠤᠨ ᠤᠷᠭᠤᠵᠤ᠂ 10 ᠭᠠᠷᠤᠶ ᠵᠦᠶᠯ ᠤᠨ ᠤᠰᠤᠨ ᠰᠢᠪᠠᠭᠤ ᠬᠠᠯᠢᠨ ᠨᠢᠰᠴᠦ ᠪᠠᠶᠢᠨ᠎ᠠ᠃    ᠤᠰᠤ ᠪᠡᠯᠴᠢᠭᠡᠷ ᠦᠩ ᠰᠢᠮᠡᠯᠢᠭ ᠲᠠᠯ᠎ᠠ ᠨᠤᠲᠤᠭ ᠪᠣᠯ ᠮᠠᠯᠴᠢᠳ ᠤᠨ ᠬᠦᠰᠡᠨ ᠮᠥᠷᠥᠭᠡᠳᠬᠦ ᠬᠦᠰᠡᠯᠡᠩ ᠤᠨ ᠮᠠᠯᠵᠢᠯ ᠤᠨ ᠲᠠᠯᠠᠪᠠᠢ ᠪᠣᠯᠤᠨ᠎ᠠ᠂ ᠭᠡᠪᠡᠴᠦ ᠮᠠᠨ ᠭᠤᠸᠠᠢ ᠬᠠᠷᠢᠨ ᠲᠡᠭᠦᠨ ᠤ ᠪᠠᠶᠠᠵᠢᠯ ᠤᠨ《ᠪᠠᠶᠠᠨ ᠪᠦᠷᠢᠳᠦ》 ᠨᠢ ᠡᠯᠡᠰᠦᠨ ᠴᠦᠯ ᠤᠨ ᠥᠷᠥᠴᠡᠨ ᠳᠤ ᠪᠠᠶᠢᠨ᠎ᠠ ᠭᠡᠵᠦ ᠬᠡᠯᠡᠪᠡ᠃                     ︵ᠰᠤᠷᠪᠤᠯᠵᠢᠯᠠᠭᠴᠢ ᠰᠦᠩ ᠱᠤᠸᠠᠩ︶ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号