ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠴᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2022/9/13
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠶᠢᠷ᠎ᠠ ᠳᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠵᠡᠷᠭᠡ ᠠᠵᠢᠯ ᠢ ᠰᠤᠳᠤᠯᠪᠠ᠃ ᠸᠠᠩ ᠯᠢ ᠰᠢᠶᠠ ᠲᠡᠷᠢᠭᠦᠯᠡᠭᠴᠢ  ᠠᠴᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠳᠤᠨ ᠭᠤᠣᠯ ᠤᠨ ᠰᠠᠪᠠ ᠭᠠᠵᠠᠷ ᠤᠨ ᠮᠤᠵᠢ ᠶᠢᠨ ᠲᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠬᠢᠨᠠᠮᠠᠭᠠᠢ ᠪᠠᠷᠢᠮᠵᠢᠶᠠᠯᠠᠵᠤ ᠬᠠᠷᠭᠤᠭᠤᠯᠤᠨ᠂ ᠠᠵᠢᠯ ᠤᠨ ᠲᠣᠭᠲᠠᠴᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ‌‍ᠭᠡᠵᠦ ᠴᠢᠬᠤᠯᠠᠴᠢᠯᠠᠵᠠᠢ᠃    ᠸᠠᠩ ᠯᠢ ᠰᠢᠶᠠ ᠬᠠᠲᠤᠨ ᠭᠤᠤᠯ ᠤᠨ ᠰᠠᠪᠠ ᠭᠠᠵᠠᠷ ᠤᠨ《ᠳᠥᠷᠪᠡᠨ ᠰᠠᠮᠠᠭᠤᠨ ᠢ ᠵᠠᠰᠠᠬᠤ》( ᠳᠤᠷ᠎ᠠ ᠪᠠᠷ  ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ) ᠵᠢᠴᠢ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠬᠤᠷᠢᠭᠯᠠᠬᠤ ᠵᠡᠷᠭᠡ ᠠᠵᠢᠯ ᠤᠨ ᠪᠠᠶᠢᠳᠠᠯ ᠢ ᠣᠶᠢᠯᠠᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠵᠢᠷᠤᠭᠯᠠᠭᠰᠠᠨ ᠤᠯᠤᠰ ᠤᠨ ᠪᠠᠶᠢᠯᠳᠤᠬᠤ ᠪᠣᠳᠣᠯᠭ᠎ᠠ ᠮᠥᠨ᠂ 《ᠳᠥᠷᠪᠡᠨ ᠤᠰᠤ ᠳᠥᠷᠪᠡᠨ ᠲᠣᠭᠲᠠᠭᠠᠯ》 ᠤᠨ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠵᠤ ᠤᠰᠤ ᠡᠵᠡᠮᠳᠡᠬᠦ ᠢᠨᠵᠧᠨᠧᠷᠢᠩ ᠪᠠ ᠬᠠᠲᠤᠨ ᠭᠤᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠢ ᠲᠣᠪᠣᠶᠢᠮ᠎ᠠ ᠰᠠᠶᠢᠲᠤᠷ ᠠᠳᠬᠤᠵᠤ᠂ ᠤᠰᠤᠨ ᠤ ᠡᠬᠢ ᠰᠤᠷᠪᠤᠯᠵᠢ ᠶᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠪᠣᠬᠢᠷ ᠤᠰᠤ ᠪᠣᠯᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃     ᠠᠭᠤᠯᠭ᠎ᠠ ︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ︵2020 ᠣᠨ ᠤ 9 ᠳ᠋ᠦ᠋ᠭᠡᠷ ᠰᠠᠷ᠎ᠠ ᠶᠢᠨ9 ᠤ ᠡᠳᠦᠷ  ᠰᠤᠷᠪᠤᠯᠵᠢᠯᠠᠭᠴᠢ ᠯᠢ ᠵᠢᠶᠠᠨ ᠭᠦᠸᠧ ︶ ᠠᠴᠠ ᠢᠷᠡᠯᠲᠡ ᠲᠠᠢ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号