2022 ᠣᠨ ᠤ ᠤᠰᠤᠨ ᠠᠰᠢᠭᠯᠠᠯᠲᠠ ᠶᠢᠨ《ᠠᠶᠤᠯᠭᠦᠢ ᠦᠶᠯᠡᠳᠪᠦᠷᠢᠯᠡᠯ ᠤᠨ ᠰᠠᠷ᠎ᠠ 》 ᠶᠢᠨ ᠰᠢᠷᠢᠰ ᠠᠵᠢᠯᠯᠠᠭ᠎ᠠ ᠶᠢᠨ ᠱᠠᠩᠨᠠᠯ ᠭᠥᠷᠳᠡᠬᠦ ᠨᠡᠷᠡᠰ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/9/5
ᠬᠤᠯᠪᠣᠭᠳᠠᠯ ᠪᠦᠬᠦᠢ ᠨᠢᠭᠡᠴᠡ ᠨᠦᠭᠦᠳ ᠲᠤ᠄《 2022 ᠣᠨ ᠤ ᠤᠰᠤᠨ ᠠᠰᠢᠭᠯᠠᠯᠲᠠ ᠶᠢᠨ〈ᠠᠶᠤᠯᠭᠦᠢ ᠦᠶᠯᠡᠳᠪᠦᠷᠢᠯᠡᠯ ᠤᠨ ᠰᠠᠷ᠎ᠠ 〉 ᠶᠢᠨ ᠠᠵᠢᠯᠯᠠᠭ᠎ᠠ  ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ 》( ᠥᠪᠥᠷ ᠮᠣᠩᠭᠤᠯ ᠤᠨ ᠤᠰᠤᠨ ᠲᠡᠭᠡᠭᠡᠪᠦᠷᠢ ᠶᠢᠨ ᠬᠠᠮᠢᠶᠠᠷᠤᠯᠲᠠ 202247 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ《ᠠᠶᠤᠯᠭᠦᠢ ᠦᠶᠯᠡᠳᠪᠦᠷᠢᠯᠡᠯ ᠤᠨ ᠬᠠᠤᠯᠢ ᠶᠢ ᠵᠢᠷᠤᠮᠯᠠᠵᠤ᠂ ᠨᠢᠭᠡᠳᠦᠭᠡᠷ ᠬᠠᠷᠢᠭᠤᠴᠠᠯᠭᠠᠲᠠᠨ ᠪᠣᠯᠬᠤ 》ᠭᠤᠤᠯ ᠰᠡᠳᠦᠪ ᠤᠨ ᠲᠣᠭᠤᠷᠢᠨ ᠳᠤ᠂ ᠠᠯᠢ ᠣᠯᠠᠨ ᠭᠤᠤᠯ ᠰᠡᠳᠦᠪ ᠨᠢ ᠢᠯᠡ ᠲᠣᠳᠣ᠂ ᠭᠤᠤᠯᠳᠠᠯᠭ᠎ᠠ ᠨᠢ ᠲᠣᠪᠣᠶᠢᠮ᠎ᠠ᠂ ᠡᠯᠪᠡᠭ ᠪᠠᠶᠠᠯᠢᠭ ᠪᠥᠭᠡᠳ ᠦᠷ᠎ᠡ ᠪᠦᠲᠦᠮᠵᠢ ᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠠᠶᠤᠯᠭᠦᠢ ᠦᠶᠯᠡᠳᠪᠦᠷᠢᠯᠡᠯ ᠤᠨ ᠬᠠᠤᠯᠢ  ᠶᠢᠨ ᠮᠡᠳᠡᠯᠭᠡ ᠶᠢᠨ ᠰᠦᠯᠵᠢᠶ᠎ᠡ ᠪᠠᠷ ᠰᠡᠳᠦᠪ ᠬᠠᠷᠢᠭᠤᠯᠬᠤ ᠠᠵᠢᠯᠯᠠᠭ᠎ᠠ᠂ ᠤᠰᠤᠨ ᠠᠰᠢᠭᠯᠠᠯᠲᠠ ᠶᠢᠨ ᠠᠶᠤᠯᠭᠦᠢ ᠦᠶᠯᠡᠳᠪᠦᠷᠢᠯᠡᠯ ᠤᠨ ᠮᠡᠳᠡᠯᠭᠡ ᠶᠢᠨ ᠰᠦᠯᠵᠢᠶ᠎ᠡ ᠶᠢᠨ ᠤᠷᠤᠯᠳᠤᠭᠠᠨ《ᠤᠰᠤᠨ ᠤ ᠠᠮᠤᠷ ᠲᠦᠪᠰᠢᠨ ᠤ ᠵᠠᠩᠵᠤᠨ》 ᠤ ᠠᠵᠢᠯᠯᠠᠭ᠎ᠠ ᠪᠠ ᠤᠰᠤᠨ ᠠᠰᠢᠭᠯᠠᠯᠲᠠ ᠶᠢᠨ ᠠᠶᠤᠯ ᠥᠬᠡᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠦᠷ᠎ᠡ ᠪᠦᠲᠦᠭᠡᠯ ᠢ ᠰᠢᠯᠭᠠᠷᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠳᠤ ᠣᠷᠣᠯᠴᠠᠭᠰᠠᠨ ᠲᠡᠷᠢᠭᠦᠨ ᠤ ᠨᠢᠭᠡᠴᠡ ᠪᠠ ᠬᠤᠪᠢ ᠬᠥᠮᠦᠨ ᠢ ᠨᠡᠪᠲᠡᠷᠡᠭᠦᠯᠦᠨ ᠰᠠᠶᠢᠰᠢᠶᠠᠬᠤ ᠪᠠᠷ ᠲᠣᠭᠲᠠᠪᠠ᠃ ᠡᠯ᠎ᠡ ᠭᠠᠵᠠᠷ ᠣᠷᠣᠨ᠂ ᠡᠯ᠎ᠡ ᠨᠢᠭᠡᠴᠡ ᠨᠦᠭᠦᠳ ᠲᠡᠷᠢᠭᠦᠨ ᠤ ᠬᠢ ᠪᠠᠷ ᠳᠠᠭᠤᠷᠢᠶᠠᠯ ᠪᠣᠯᠭᠠᠨ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠴᠥᠬᠦᠷᠡᠯ ᠦᠭᠡᠶ ᠰᠠᠶᠢᠲᠤᠷ ᠬᠢᠵᠦ᠂ ᠦᠢᠯᠡᠳᠪᠦᠷᠢᠯᠡᠯ ᠤᠨ ᠠᠶᠤᠯᠭᠦᠢ  ᠶᠢᠨ ᠠᠳᠡᠯ ᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠵᠤ᠂ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃2022 ᠣᠨ ᠤ ᠤᠰᠤᠨ ᠠᠰᠢᠭᠯᠠᠯᠲᠠ ᠶᠢᠨ《ᠠᠶᠤᠯᠭᠦᠢ ᠦᠶᠯᠡᠳᠪᠦᠷᠢᠯᠡᠯ ᠤᠨ ᠰᠠᠷ᠎ᠠ 》 ᠶᠢᠨ ᠰᠢᠷᠢᠰ ᠠᠵᠢᠯᠯᠠᠭ᠎ᠠ ᠶᠢᠨ ᠱᠠᠩᠨᠠᠯ ᠭᠥᠷᠳᠡᠬᠦ ᠨᠡᠷᠡᠰ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号