ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ 2022 ᠣᠨ ᠤ ᠤᠰᠤ ᠶᠢ ᠠᠷᠪᠢᠯᠠᠵᠤ ᠬᠡᠷᠡᠭᠯᠡᠬᠦ ᠶᠢ ᠪᠠᠶᠢᠴᠠᠭᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/6
    ᠤᠰᠤᠨ ᠤ ᠡᠬᠢ ᠰᠤᠷᠪᠤᠯᠵᠢ ᠶᠢ ᠴᠢᠩᠭ᠎ᠠ ᠬᠠᠮᠠᠭᠠᠯᠠᠬᠤ᠂ ᠪᠦᠲᠦᠮᠵᠢᠲᠡᠶ ᠠᠷᠪᠢᠯᠠᠬᠤ ᠪᠠ ᠵᠦᠶ ᠵᠣᠬᠢᠰᠲᠠᠶ ᠠᠰᠢᠭᠯᠠᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 19 ᠤ ᠡᠳᠦᠷ᠂ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ 2022 ᠣᠨ ᠤ ᠤᠰᠤ ᠶᠢ ᠠᠷᠪᠢᠯᠠᠵᠤ ᠬᠡᠷᠡᠭᠯᠡᠬᠦ ᠶᠢ ᠪᠠᠶᠢᠴᠠᠭᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠲᠠ ᠶᠢᠨ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ᠂ ᠬᠤᠲᠠ  ᠶᠢᠨ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠬᠤᠲᠠ ᠶᠢᠨ ᠤᠰᠤ ᠬᠠᠩᠭᠠᠬᠤ ᠺᠣᠮᠫᠠᠨᠢ᠂ ᠪᠤᠭᠤᠲᠤ ᠶᠢᠨ ᠱᠸᠤ ᠴᠤᠸᠠᠩ ᠤᠰᠤᠨ ᠤ ᠶᠠᠪᠤᠳᠠᠯ ᠤᠨ ᠺᠣᠮᠫᠠᠨᠢ ᠪᠣᠯᠤᠨ ᠥᠪᠥᠷ ᠮᠣᠩᠭᠤᠯ  ᠤᠨ ᠲᠠᠢ ᠬᠤᠩ ᠺᠣᠮᠫᠠᠨᠢ ᠶᠢᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠪᠠ᠃    ᠬᠤᠷᠠᠯ ᠠᠴᠠ 2022 ᠣᠨ ᠤ ᠤᠰᠤ ᠠᠷᠪᠢᠯᠠᠬᠤ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠶᠢᠨ ᠪᠠᠶᠢᠴᠠᠭᠠᠬᠤ ᠬᠡᠪᠴᠢᠶ᠎ᠡ᠂ ᠠᠭᠤᠯᠭ᠎ᠠ᠂ ᠴᠠᠭ ᠤᠨ ᠵᠠᠩᠭᠢᠶᠠᠰᠤ ᠵᠡᠷᠭᠡ ᠶᠢ ᠲᠣᠳᠣᠷᠬᠠᠶᠢᠯᠠᠭᠰᠠᠨ ᠪᠥᠭᠡᠳ ᠲᠤᠰᠬᠠᠶ ᠠᠵᠢᠯᠯᠠᠭ᠎ᠠ ᠶᠢᠨ ᠪᠠᠶᠢᠳᠠᠯ ᠤᠨ ᠲᠠᠭᠯᠠᠨ ᠮᠡᠳᠡᠭᠦᠯᠬᠦ ᠱᠠᠭᠠᠷᠳᠠᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠲᠤᠰᠬᠠᠢ ᠲᠥᠷᠥᠯ ᠤᠨ ᠠᠵᠢᠯᠯᠠᠭᠠᠨ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠢᠨ    ᠲᠥᠯᠥᠭᠡ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠪᠠᠷ ᠳᠤᠭᠤᠢᠯᠠᠩ ᠤᠨ ᠳᠠᠷᠤᠭ᠎ᠠ ᠪᠣᠯᠭᠠᠭᠰᠠᠨ ᠲᠤᠰᠬᠠᠢ ᠲᠥᠷᠥᠯ ᠤᠨ ᠠᠵᠢᠯᠯᠠᠭᠠᠨ ᠤ ᠤᠳᠤᠷᠢᠳᠬᠤ ᠳᠤᠭᠤᠢᠯᠠᠩ  ᠢ ᠪᠠᠶᠢᠭᠤᠯᠬᠤ ᠶᠢᠨ ᠬᠠᠮᠲᠤ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠠᠵᠢᠯᠯᠠᠬᠤ ᠳᠤᠭᠤᠶᠢᠯᠠᠩ  ᠤᠨ ᠳᠣᠣᠷ᠎ᠠ 6 ᠠᠵᠢᠯᠯᠠᠬᠤ ᠳᠤᠭᠤᠶᠢᠯᠠᠩ ᠪᠠᠶᠢᠭᠤᠯᠵᠤ ᠪᠠᠶᠢᠴᠠᠭᠠᠯᠲᠠ ᠥᠷᠨᠢᠭᠦᠯᠪᠡ᠃    ᠲᠣᠰ ᠲᠤᠰᠬᠠᠶ ᠠᠵᠢᠯᠯᠠᠭ᠎ᠠ ᠨᠢ 2022 ᠣᠨ ᠤ 8 ᠳ᠋ᠤᠭᠠᠷ ᠰᠠᠷ᠎ᠠ ᠶᠢᠨ 22 ᠤᠨ ᠡᠳᠦᠷ ᠠᠴᠠ ᠡᠬᠢᠯᠡᠵᠦ 11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠶᠠᠪᠤᠭᠳᠠᠨ᠎ᠠ᠂ ᠭᠤᠤᠯᠳᠠᠭᠤ ᠪᠥᠬᠦ ᠬᠤᠲᠠ ᠶᠢᠨ ᠵᠢᠯ ᠤᠨ ᠤᠰᠤ ᠬᠡᠷᠡᠭᠯᠡᠬᠦ ᠬᠡᠮᠵᠢᠶ᠎ᠡ ᠨᠢ 5000 ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢᠬᠢ ᠤᠰᠤ ᠬᠡᠷᠡᠭᠯᠡᠬᠦ ᠡᠷᠦᠬᠡ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠡᠯ᠎ᠡ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠪᠠᠶᠢᠳᠠᠯ ᠪᠠ ᠤᠰᠤ ᠬᠡᠷᠡᠭᠯᠡᠬᠦ ᠬᠢᠷᠢ ᠬᠡᠮᠵᠢᠶ᠎ᠡ ᠶᠢ ᠡᠵᠡᠮᠰᠢᠨ᠂ ᠬᠠᠮᠢᠶᠠᠷᠤᠯᠲᠠ ᠨᠢ ᠬᠤᠴᠣᠷᠤᠩᠭᠤᠶ᠂ ᠤᠰᠤ ᠬᠡᠷᠡᠭᠯᠡᠬᠦ ᠬᠢᠷᠢ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠪᠠ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠵᠦ ᠪᠠᠶᠢᠭ᠎ᠠ ᠤᠰᠤ ᠬᠡᠷᠡᠭᠯᠡᠬᠦ ᠡᠷᠦᠬᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠬᠦ ᠪᠤᠶᠤ ᠲᠣᠷᠭᠠᠵᠤ᠂ ᠪᠥᠬᠦ ᠬᠤᠲᠠ ᠶᠢᠨ ᠤᠰᠤ ᠠᠷᠪᠢᠯᠠᠬᠤ ᠬᠢᠷᠢ ᠬᠡᠮᠵᠢᠶ᠎ᠡ ᠶᠢ ᠠᠬᠢᠭᠤᠯᠤᠨ᠎ᠠ᠃ ᠪᠡᠶ᠎ᠡ ᠤᠬᠢᠶᠠᠬᠤ᠂ ᠲᠡᠷᠭᠡ ᠤᠬᠢᠶᠠᠬᠤ ᠵᠡᠷᠭᠡ ᠣᠨᠴᠣᠭᠤᠶ ᠠᠵᠢᠯ ᠲᠥᠷᠥᠯ ᠤᠨ ᠬᠡᠷᠡᠭᠯᠡᠬᠦ ᠤᠰᠤᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠤᠰᠤ ᠬᠤᠯᠠᠭᠠᠶᠢᠯᠠᠬᠤ ᠦᠢᠯᠡ ᠠᠵᠢᠯᠯᠠᠭ᠎ᠠ ᠪᠠ ᠲᠣᠭᠲᠠᠭᠰᠠᠨ ᠲᠤᠭ᠎ᠠ ᠠᠴᠠ ᠬᠡᠲᠦᠷᠡᠭᠦᠯᠬᠦ᠂ ᠲᠥᠯᠥᠪᠯᠡᠭᠡ ᠠᠴᠠ ᠬᠡᠲᠦᠷᠡᠭᠦᠯᠦᠨ ᠤᠰᠤ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ ᠃ 
 
ᠢᠷᠡᠯᠲᠡ᠄ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号