ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ | ᠶᠢᠨ ᠲᠥᠪ ᠤᠨ ᠠᠵᠢᠯᠴᠢᠨ ᠤ ᠡᠪᠯᠡᠯ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠪᠥᠬᠦᠳᠡ ᠬᠤᠷᠠᠯ 2022 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠤᠨ | ᠦᠳᠡ ᠶᠢᠨ ᠬᠤᠶᠢᠨ᠎ᠠ ᠬᠥᠬᠡᠬᠤᠲᠠ ᠳᠤ ᠬᠤᠷᠠᠯᠳᠤᠪᠠ᠂ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ | ᠶᠢᠨ ᠲᠥᠪ ᠤᠨ ᠳᠡᠳ᠋ ᠡᠷᠬᠢᠯᠡᠭᠴᠢ ᠹᠠᠨ ᠵᠥᠩ ᠴᠧᠩ᠂ ᠶᠧ ᠳ᠋ᠧ ᠴᠧᠩ ᠶᠡᠭᠡ ᠬᠤᠷᠠᠯ ᠳᠤ ᠣᠷᠣᠯᠴᠠᠵᠠᠶ᠃ | ᠬᠤᠷᠠᠯᠳᠤᠭᠠᠨ ᠰᠣᠩᠭᠤᠭᠤᠯᠢ ᠶᠢᠨ ᠠᠷᠭ᠎ᠠ ( ᠲᠥᠰᠦᠯ ) ᠶᠢᠨ ᠶᠣᠰᠣᠭᠠᠷ ᠲᠣᠭᠠᠨ ᠤ ᠵᠥᠷᠢᠶᠡᠲᠦ ᠰᠣᠩᠭᠤᠭᠤᠯᠢ | ᠶᠠᠪᠤᠭᠤᠯᠵᠤ᠂ ᠨᠢᠭᠤᠴᠠ ᠫᠢᠶᠣᠣ ᠥᠭᠴᠦ᠂ ᠶᠡᠭᠡ ᠬᠤᠷᠠᠯ ᠢᠶᠠᠷ ᠳᠠᠮᠵᠢᠭᠤᠯᠤᠨ ᠶᠡᠷᠦᠩᠬᠡᠢ ᠫᠢᠶᠣᠣ ᠬᠢᠨᠠᠭᠴᠢ᠂ | ᠫᠢᠶᠣᠣ ᠬᠢᠨᠠᠭᠴᠢ ᠶᠢ ᠰᠣᠩᠭᠤᠵᠤ᠂ ᠠᠵᠢᠯᠴᠢᠨ ᠤ ᠡᠪᠯᠡᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠵᠠᠷᠤᠳᠠᠯ ᠢ | ᠬᠢᠨᠠᠨ ᠪᠠᠶᠢᠴᠠᠭᠠᠬᠤ ᠺᠣᠮᠢᠰ ᠵᠢᠴᠢ ᠡᠮᠡᠭᠲᠡᠢ ᠠᠵᠢᠯᠴᠢᠨ ᠤ ᠺᠣᠮᠢᠰ ᠢ ᠰᠣᠩᠭᠤᠨ ᠭᠠᠷᠭᠠᠵᠠᠢ ᠃ | | | | | | ᠶᠡᠭᠡ ᠬᠤᠷᠠᠯ ᠳᠤ ᠸᠠᠨ ᠪᠥᠸᠧ᠂ ᠯᠢᠦ ᠶᠠᠨ᠂ ᠯᠢᠦ ᠵᠢᠩ ᠲᠤᠤ᠂ ᠶᠠᠩ ᠮᠢᠩ ᠯᠢ᠂ ᠦ᠋ ᠴᠠᠩ ᠬᠠᠢ᠂ | ᠵᠠᠩ ᠶᠦᠩ᠂ ᠯᠢᠶᠠᠩ ᠶᠤᠸᠠᠨ᠂ ᠬᠠᠨ ᠧ᠂ ᠳ᠋ᠦᠩ ᠵᠢᠶᠦ᠋ᠨ ᠱᠧᠩ ᠵᠡᠷᠭᠡ ᠬᠥᠮᠦᠰ ᠢ ᠰᠣᠩᠭᠤᠵᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ | ᠤᠨ ᠠᠵᠢᠯᠴᠢᠨ ᠤ ᠡᠪᠯᠡᠯ ᠤᠨ ᠠᠩᠬᠠᠳᠤᠭᠠᠷ ᠬᠤᠭᠤᠴᠠᠭᠠᠨ ᠤ ᠺᠣᠮᠢᠰ ᠢ ᠪᠦᠷᠢᠯᠳᠦᠭᠦᠯᠪᠡ ︔ ᠵᠠᠩ ᠶᠦᠨ᠂ ᠵᠠᠩ | ᠳ᠋ᠤᠤ ᠹᠧᠩ᠂ ᠭᠤᠸ᠎ᠠ ᠶᠢ ᠰᠣᠩᠭᠤᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠴᠢᠨ ᠤ ᠡᠪᠯᠡᠯ ᠤᠨ ᠠᠩᠬᠠᠳᠤᠭᠠᠷ | ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠺᠣᠮᠢᠰ ᠢ ᠪᠦᠷᠢᠯᠳᠦᠭᠦᠯᠪᠡ᠃ ᠡᠮᠡᠭᠲᠡᠢ ᠭᠡᠰᠢᠭᠦᠳ ᠤᠨ | ᠲᠥᠯᠥᠭᠡᠯᠡᠭᠴᠢ ᠬᠠᠨ ᠧ᠂ ᠯᠢ ᠸᠧᠨ ᠴᠢᠩ᠂ ᠵᠠᠩ ᠯᠢ ᠶᠦᠨ᠂ ᠸᠠᠩ ᠯᠦ᠂ ᠯᠢᠦ ᠹᠠᠩ᠂ ᠰᠢᠶᠧ ᠭᠦᠸᠧ ᠶᠢᠩ᠂ | ᠺᠠᠩ ᠮᠧᠩ ᠲᠢᠩ ᠵᠡᠷᠭᠡ ᠬᠥᠮᠦᠰ ᠢ ᠰᠣᠩᠭᠤᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠴᠢᠨ ᠤ ᠡᠪᠯᠡᠯ ᠤᠨ ᠡᠮᠡᠭᠲᠡᠢ ᠠᠵᠢᠯᠴᠢᠨ ᠤ | ᠵᠥᠪᠯᠡᠯ ᠢ ᠪᠠᠶᠢᠭᠤᠯᠪᠠ᠃ | | | | | | ᠪᠦᠬᠦ ᠠᠵᠢᠯᠴᠢᠨ ᠤ ᠡᠪᠯᠡᠯ ᠤᠨ ᠲᠥᠯᠥᠭᠡᠯᠡᠭᠴᠢᠳ ᠤᠨ ᠰᠣᠩᠭᠤᠯᠲᠠ ᠪᠠᠷ ᠳᠠᠮᠵᠢᠨ ᠂ ᠯᠢᠦ ᠶᠠᠨ ᠠᠵᠢᠯᠴᠢᠨ ᠤ | ᠡᠪᠯᠡᠯ ᠤᠨ ᠲᠡᠷᠢᠭᠦᠯᠡᠭᠴᠢ᠂ ᠬᠠᠨ ᠧ᠂ ᠳ᠋ᠦᠩ ᠵᠢᠶᠦ᠋ᠨ ᠱᠧᠩ ᠳᠡᠳ᠋ ᠲᠡᠷᠢᠭᠦᠯᠡᠭᠴᠢ ᠂ ᠵᠠᠩ ᠶᠦᠨ ᠠᠵᠢᠯᠴᠢᠨ ᠤ | ᠡᠪᠯᠡᠯ ᠤᠨ ᠠᠩᠬᠠᠳᠤᠭᠠᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠺᠣᠮᠢᠰ ᠤᠨ ᠡᠷᠬᠢᠯᠡᠭᠴᠢ ᠂ ᠬᠠᠨ ᠧ | ᠠᠵᠢᠯᠴᠢᠨ ᠤ ᠡᠪᠯᠡᠯ ᠤᠨ ᠠᠩᠬᠠᠳᠤᠭᠠᠷ ᠬᠤᠭᠤᠴᠠᠭᠠᠨ ᠤ ᠡᠮᠡᠭᠲᠡᠢ ᠠᠵᠢᠯᠴᠢᠨ ᠤ ᠺᠣᠮᠢᠰ ᠤᠨ ᠡᠷᠬᠢᠯᠡᠭᠴᠢ ᠪᠠᠷ | ᠲᠣᠮᠢᠯᠠᠭᠳᠠᠪᠠ᠃ ᠲᠤᠰ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ᠂ ᠵᠠᠷᠤᠳᠠᠯ ᠢ ᠬᠢᠨᠠᠨ ᠪᠠᠶᠢᠴᠠᠭᠠᠬᠤ | ᠵᠥᠪᠯᠡᠯ᠂ ᠡᠮᠡᠭᠲᠡᠢ ᠠᠵᠢᠯᠴᠢᠨ ᠤ ᠵᠥᠪᠯᠡᠯ ᠤᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ | | | | | | ᠹᠠᠨ ᠵᠥᠩ ᠴᠧᠩ ᠲᠥᠪ ᠤᠨ ᠤᠳᠤᠷᠢᠳᠬᠤ ᠪᠠᠭ ᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠵᠢᠴᠢ | ᠰᠢᠨ᠎ᠡ ᠪᠠᠷ ᠰᠣᠩᠭᠤᠭᠳᠠᠭᠰᠠᠨ ᠭᠡᠰᠢᠭᠦᠳ ᠲᠤ ᠬᠠᠯᠠᠭᠤᠨ ᠪᠠᠶᠠᠷ ᠬᠦᠷᠭᠡᠪᠡ ᠃ ᠲᠡᠭᠦᠨ ᠠᠴᠠ ᠱᠠᠭᠠᠷᠳᠠᠯᠭ᠎ᠠ | ᠳᠤᠷᠠᠳᠤᠭᠰᠠᠨ ᠨᠢ᠂ ᠨᠢᠭᠡ ᠳᠤ᠂ ᠠᠵᠢᠯᠴᠢᠨ ᠤ ᠡᠪᠯᠡᠯ ᠤᠨ ᠠᠵᠢᠯ ᠤᠨ ᠵᠣᠷᠢᠯᠲᠠ ᠶᠢ ᠪᠠᠲᠤ ᠴᠡᠭᠡᠵᠢᠯᠡᠵᠦ᠂ | ᠠᠵᠢᠯᠴᠢᠨ ᠤ ᠡᠪᠯᠡᠯ ᠤᠨ ᠡᠯ᠎ᠡ ᠵᠦᠢᠯ ᠤᠨ ᠡᠭᠦᠷᠭᠡ ᠴᠢᠳᠠᠪᠬᠢ ᠶᠢ ᠪᠦᠬᠦ ᠲᠠᠯ᠎ᠠ ᠪᠠᠷ ᠭᠦᠢᠴᠡᠳᠬᠡᠬᠦ ᠬᠡᠷᠡᠭᠲᠡᠢ᠃ | ᠬᠤᠶᠠᠷ ᠲᠤ ᠠᠵᠢᠯᠴᠢᠨ ᠤ ᠡᠪᠯᠡᠯ ᠤᠨ ᠤᠯᠠᠮᠵᠢᠯᠠᠯ ᠢ ᠪᠠᠳᠠᠷᠠᠭᠤᠯᠵᠤ᠂ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ | ᠦᠨᠡᠨ ᠬᠦ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠤᠬᠠᠮᠰᠠᠷ ᠠᠴᠠ ᠪᠠᠨ ᠶᠡᠷᠦᠩᠬᠡᠢ ᠪᠠᠶᠢᠳᠠᠯ ᠳᠤ ᠦᠢᠯᠡᠴᠢᠯᠡᠵᠦ᠂ | ᠠᠵᠢᠯᠴᠢᠨ ᠤ ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠡᠢ ᠃ | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠯ᠎ᠡ ᠬᠡᠯᠲᠡᠰ ᠲᠠᠰᠤᠭ ᠤᠨ | ᠬᠠᠷᠢᠭᠤᠴᠠᠯᠭᠠᠲᠠᠨ ᠵᠢᠴᠢ ᠠᠵᠢᠯᠴᠢᠨ ᠤ ᠲᠥᠯᠥᠭᠡᠯᠡᠭᠴᠢ ᠬᠤᠷᠠᠯ ᠳᠤ ᠣᠷᠣᠯᠴᠠᠪᠠ ᠃ | |