ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2023/1/17
  1 ᠳ᠋ᠦ᠋ᠭᠡᠷ ᠰᠠᠷ᠎ᠠ ᠶᠢᠨ 12 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠵᠤ᠋ ᠴᠧᠩ ᠴᠢᠩ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠤᠰᠤᠨ ᠠᠰᠢᠭᠯᠠᠯᠲᠠ ᠶᠢᠨ ᠶᠠᠮᠤᠨ ᠤ ᠶᠡᠷᠦᠩᠬᠡᠶ ᠲᠥᠯᠥᠪᠵᠢᠭᠦᠯᠦᠭᠴᠢ ᠦ᠋ ᠸᠧᠨ ᠴᠢᠩ᠂ ᠤᠰᠤᠨ ᠠᠰᠢᠭᠯᠠᠯᠲᠠ ᠶᠢᠨ ᠶᠠᠮᠤᠨ ᠤ ᠤᠰᠤ ᠰᠢᠷᠣᠶ ᠶᠢ ᠬᠠᠮᠠᠭᠠᠯᠠᠬᠤ ᠵᠤᠷᠭᠠᠨ ᠪᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠥᠳᠡᠭᠡ ᠲᠣᠰᠬᠤᠨ ᠤ ᠠᠵᠤ ᠠᠬᠤᠶ ᠶᠢᠨ ᠵᠤᠷᠭᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠳ ᠲᠠᠢ ᠬᠠᠮᠲᠤ ᠪᠠᠷ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠪᠠ ᠃  ᠵᠦ ᠴᠧᠩ ᠴᠢᠩ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠤᠰᠤ ᠰᠢᠷᠣᠢ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ‍ᠤᠨ‌ᠤᠰᠤ ᠰᠢᠷᠣᠢ ᠶᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠰᠤ ᠰᠢᠷᠣᠢ ᠶᠢᠨ ᠢᠳᠡᠭᠳᠡᠯ ᠤᠨ ᠲᠠᠯᠠᠪᠠᠢ ᠪᠠ ᠪᠠᠶᠢᠳᠠᠯ ︽ᠬᠤᠣᠰ ᠢᠶᠠᠷ ᠪᠠᠭᠤᠷᠠᠬᠤ︾ ᠪᠠᠶᠢᠳᠠᠯ ᠦᠷᠭᠦᠯᠵᠢᠯᠡᠨ ᠢᠯᠡᠷᠡᠪᠡ᠃ ᠤᠰᠤ ᠰᠢᠷᠣᠶ ᠶᠢᠨ ᠢᠳᠡᠭᠳᠡᠯ ᠢ ᠵᠠᠰᠠᠬᠤ ᠨᠢ ᠲᠠᠷᠢᠶᠠᠯᠠᠩ ᠤᠨ ᠦᠶᠯᠡᠳᠪᠦᠷᠢᠯᠡᠯ ᠤᠨ ᠨᠥᠬᠦᠴᠡᠯ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠪᠦᠲᠦᠮᠵᠢᠲᠡᠶ     ᠰᠠᠶᠢᠵᠢᠷᠠᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠤᠯᠠᠮ ᠠᠴᠠ ᠤᠯᠠᠮ ᠣᠯᠠᠨ ᠭᠠᠵᠠᠷ ᠣᠷᠣᠨ ᠪᠤᠵᠠᠷ ᠤᠰᠤ ᠬᠤᠪᠠᠭ᠋ᠠᠶ ᠠᠭᠤᠯᠠ ᠠᠴᠠ ᠬᠦᠬᠡ ᠤᠰᠤ ᠬᠥᠬᠡᠮᠳᠦᠭ ᠠᠭᠤᠯᠠ ᠬᠦᠷᠲᠡᠯ᠎ᠡ᠂ ᠳᠠᠬᠢᠭᠠᠳ ᠠᠯᠲᠠ ᠮᠥᠩᠭᠦᠨ ᠠᠭᠤᠯᠠ ᠪᠤᠯᠳᠠᠯ᠎ᠠ ᠬᠤᠪᠢᠷᠠᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠯᠡᠳᠲᠡ ᠪᠣᠯᠵᠣ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠥᠬᠡᠶ ᠴᠢᠩᠭᠠᠷᠠᠪᠠ ᠭᠡᠵᠡᠢ᠃  ᠵᠦ ᠴᠧᠩ ᠴᠢᠩ ᠪᠠᠰᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠤᠰᠤ ᠰᠢᠷᠣᠢ ᠶᠢ ᠬᠠᠮᠠᠭᠠᠯᠠᠬᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ ︽ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤ  ᠪᠠᠷ ᠣᠷᠣᠯᠴᠠᠭᠰᠠᠨ ᠤᠰᠤ ᠰᠢᠷᠣᠶ ᠶᠢ ᠬᠠᠮᠠᠭᠠᠯᠠᠬᠤ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠡᠢ᠃  ᠵᠤ᠋ ᠴᠧᠩ ᠴᠢᠩ ᠲᠠᠨᠢᠯᠴᠠᠭᠤᠯᠬᠤ ᠳᠠᠭᠠᠨ᠂ ︽ᠰᠠᠨᠠᠯ︾ ᠢ ᠭᠤᠷᠪᠠᠨ ᠶᠡᠭᠡ ᠪᠦᠯᠦᠭ ᠬᠤᠪᠢᠶᠠᠵᠤ᠂ ᠨᠡᠶᠢᠲᠡ 6 ᠬᠡᠰᠡᠭ ᠬᠤᠪᠢᠶᠠᠵᠠᠶ᠃ ᠨᠢᠭᠡᠳᠦᠭᠡᠷ ᠪᠦᠯᠦᠭ ᠪᠣᠯ ᠶᠡᠷᠦᠩᠬᠡᠶ ᠱᠠᠭᠠᠷᠳᠠᠯᠭ᠎ᠠ ᠮᠥᠨ᠂ 2025 ᠣᠨ ᠪᠣᠯᠬᠤ ᠳᠤ ᠪᠥᠬᠦ ᠤᠯᠤᠰ ᠤᠨ ᠤᠰᠤ ᠰᠢᠷᠣᠶ ᠶᠢ ᠬᠠᠮᠠᠭᠠᠯᠠᠬᠤ ᠨᠣᠷᠮ᠎ᠠ ᠶᠢ 73 % ᠳᠤ ᠬᠦᠷᠭᠡᠨ᠎ᠡ︔ 2035 ᠣᠨ ᠪᠣᠯᠬᠤ  ᠳᠤ᠂ ᠪᠥᠬᠦ ᠤᠯᠤᠰ ᠤᠨ ᠤᠰᠤ ᠰᠢᠷᠣᠶ ᠶᠢ ᠬᠠᠮᠠᠭᠠᠯᠠᠬᠤ ᠨᠣᠷᠮ᠎ᠠ ᠶᠢ 75 % ᠳᠤ ᠬᠦᠷᠭᠡᠨ᠎ᠡ᠃ ᠬᠤᠶᠠᠳᠤᠭᠠᠷ ᠪᠦᠯᠦᠭ ᠪᠣᠯ ᠳᠥᠷᠪᠡᠨ ᠵᠦᠶᠯ ᠤᠨ ᠭᠤᠤᠯᠳᠠᠯᠭ᠎ᠠ ᠲᠠᠢ ᠡᠭᠦᠷᠭᠡ ᠪᠣᠯᠤᠨ᠎ᠠ᠂ ᠨᠢᠭᠡ ᠳᠤ᠂ ᠤᠰᠤ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠵᠦ ᠬᠠᠮᠠᠭᠠᠯᠠᠬᠤ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠬᠤᠶᠠᠷ ᠲᠤ᠂ ᠤᠰᠤ ᠰᠢᠷᠣᠶ ᠶᠢᠨ ᠵᠣᠷᠢᠭᠤᠳᠠ ᠶᠢᠨ ᠢᠳᠡᠭᠳᠡᠯ ᠢ ᠬᠢᠨᠠᠨ ᠬᠠᠮᠢᠶᠠᠷᠬᠤ ᠶᠢ ᠬᠠᠤᠯᠢ ᠶᠣᠰᠣᠭᠠᠷ ᠴᠢᠩᠳᠠᠯᠠᠨ᠎ᠠ᠃ ᠭᠤᠷᠪᠠ ᠳᠤ᠂ ᠤᠰᠤ ᠰᠢᠷᠣᠶ ᠶᠢᠨ ᠢᠳᠡᠭᠳᠡᠯ ᠢ ᠭᠤᠤᠯᠳᠠᠯᠭ᠎ᠠ ᠲᠠᠢ ᠵᠠᠰᠠᠬᠤ ᠶᠢ ᠲᠦᠷᠭᠡᠳᠬᠡᠨ ᠠᠬᠢᠭᠤᠯᠤᠨ᠎ᠠ᠃ ᠳᠥᠷᠪᠡ ᠳᠤ᠂ ᠤᠰᠤ ᠰᠢᠷᠣᠶ ᠶᠢ ᠬᠠᠮᠠᠭᠠᠯᠠᠵᠤ ᠬᠠᠮᠢᠶᠠᠷᠬᠤ ᠴᠢᠳᠠᠪᠤᠷᠢ ᠪᠣᠯᠤᠨ ᠬᠢᠷᠢ ᠬᠡᠮᠵᠢᠶ᠎ᠡ  ᠪᠠᠨ ᠳᠡᠭᠡᠭᠰᠢᠯᠡᠭᠦᠯᠦᠨ᠎ᠡ᠃ ᠭᠤᠷᠪᠠᠳᠤᠭᠠᠷ ᠪᠦᠯᠦᠭ ᠪᠣᠯ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠂ ᠵᠣᠬᠢᠶᠠᠨ ᠪᠠᠶᠢᠭᠤᠯᠵᠤ ᠤᠳᠤᠷᠢᠳᠤᠯᠭ᠎ᠠ ᠪᠠᠨ ᠴᠢᠩᠭᠠᠳᠬᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠬᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠵᠡᠷᠭᠡ 4 ᠲᠠᠯ᠎ᠠ  ᠠᠴᠠ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠤᠰᠤᠨ ᠠᠰᠢᠭᠯᠠᠯᠲᠠ ᠶᠢᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠬᠦᠴᠦᠲᠡᠶ ᠠᠷᠭ᠎ᠠ ᠬᠡᠮᠵᠢᠶ᠎ᠡ ᠠᠪᠴᠤ᠂ ︽ᠰᠠᠨᠠᠯ︾ ᠤᠨ ᠡᠯ᠎ᠡ ᠵᠦᠶᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠤᠨ᠎ᠠ᠃  ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠳᠤᠮᠳᠠᠳᠤ ᠤᠯᠤᠰ ᠤᠨ ᠡᠳᠦᠷ ᠤᠨ ᠰᠣᠨᠢᠨ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ ᠵᠡᠷᠭᠡ ᠣᠯᠠᠨ ᠵᠠᠭᠤᠴᠢᠯᠠᠭᠤᠷ ᠤᠨ ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号