ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠨᠠᠮ  ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠯᠳᠦ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯᠳᠦ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/18
   2 ᠳ᠋ᠤᠭᠠᠷ ᠰᠠᠷ᠎ᠠ ᠶᠢᠨ 18 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠦᠳ ᠤᠨ ᠠᠷᠠᠳᠴᠢᠯᠠᠯᠳᠦ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯᠳᠦ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠸᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢᠦ ᠬᠠᠢ ᠫᠧᠩ ᠵᠢᠴᠢ ᠪᠦᠷᠢᠯᠳᠦᠬᠦᠨ ᠨᠦᠬᠦᠳ ᠬᠤᠷᠠᠯ  ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠶᠢᠨ ᠶᠠᠷᠢᠶ᠎ᠠ ᠲᠠᠯᠪᠢᠵᠠᠢ᠃
生活会1.jpg
   ᠠᠷᠠᠳᠴᠢᠯᠠᠯᠳᠦ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ ᠲᠢᠩᠬᠢᠮ ᠤᠨ ᠨᠠᠮ  ᠤᠨ ᠤᠳᠤᠷᠢᠳᠬᠤ ᠳᠤᠭᠤᠶᠢᠯᠠᠩ ᠨᠠᠷᠢᠨ ᠨᠢᠮᠪᠠᠢ ᠲᠥᠯᠥᠪᠯᠡᠨ ᠪᠠᠶᠢᠷᠢᠯᠠᠭᠤᠯᠵᠤ᠂ ᠤᠨᠤᠯ ᠤᠨ ᠰᠤᠷᠤᠯᠴᠠᠯᠭ᠎ᠠ ᠶᠢ ᠦᠷᠨᠢᠭᠦᠯᠵᠤ᠂ ᠰᠤᠳᠤᠯᠤᠨ ᠶᠠᠷᠢᠯᠴᠠᠵᠤ ᠰᠠᠨᠠᠯ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠵᠤ᠂ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠭᠦᠨᠵᠡᠭᠡᠢ ᠶᠠᠷᠢᠯᠴᠠᠨ᠂ ᠨᠠᠷᠢᠨ ᠬᠢᠨᠠᠮᠠᠭᠠᠢ ᠲᠤᠭᠤᠷᠪᠢᠵᠤ᠂ ᠶᠡᠭᠡ ᠬᠡᠮᠵᠢᠶᠡᠨ  ᠤ ᠴᠠᠭ ᠪᠠ ᠤᠶᠤᠨ ᠴᠢᠳᠠᠯ ᠢᠶᠠᠨ ᠲᠥᠪᠯᠡᠷᠡᠭᠦᠯᠦᠨ ᠭᠦᠢᠴᠡᠳ ᠪᠡᠯᠡᠳᠬᠡᠯ ᠬᠢᠭᠰᠡᠨ ᠪᠠᠶᠢᠨ᠎ᠠ᠃
生活会2.jpg
   ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠬᠤ ᠪᠠᠷ ᠭᠤᠣᠯᠳᠠᠭᠤᠯᠵᠤ᠂ ︽ᠬᠤᠶᠠᠷ ᠢ ᠲᠤᠭᠳᠠᠭᠠᠭᠰᠠᠨ︾ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠣᠯ ᠰᠡᠳᠦᠪ ᠮᠥᠨ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠬᠦ᠂ ᠰᠢᠯᠲᠠᠭᠠᠨ ᠢ ᠭᠦᠨᠵᠡᠭᠡᠶ ᠵᠠᠳᠠᠯᠬᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠦᠨ᠎ᠡ᠂ ᠬᠤᠶᠢᠰᠢᠳᠠ ᠶᠢᠨ ᠴᠢᠷᠮᠠᠶᠢᠬᠤ ᠴᠢᠭᠯᠡᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃
生活会3.jpg
   ᠬᠤᠷᠠᠯ ᠠᠴᠠ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠯᠤᠰ ᠲᠦᠷᠦ ᠶᠢᠨ ᠡᠭᠦᠷᠭᠡᠯᠡᠯ ᠢᠶᠠᠨ ᠶᠡᠭᠡ ᠪᠠᠷ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠵᠤ᠂ ᠨᠠᠮ  ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠪᠠᠲᠤᠳᠬᠠᠵᠤ᠂ ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠬᠦ ᠢᠯᠡ ᠲᠣᠳᠣ ᠰᠠᠭᠤᠷᠢ ᠶᠢ ᠢᠮᠠᠭᠲᠠ ᠪᠠᠲᠤᠯᠠᠵᠤ᠂ ᠪᠦᠬᠦ ᠲᠠᠯ᠎ᠠ ᠪᠠᠷ ᠴᠠᠭᠠᠷᠠᠭᠰᠠᠨ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ  ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ  ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠶᠡᠭᠡ ᠲᠠᠯ᠎ᠠ ᠳᠤ ᠦᠶᠯᠡᠴᠢᠯᠡᠬᠦ ᠰᠢᠰᠲ᠋ᠧᠮ ᠤᠨ ᠦᠵᠡᠯᠲᠡ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠥᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ  ᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ︽ᠡᠬᠡ ᠲᠠᠩᠰᠠ + ᠨᠠᠷᠢᠨ ᠲᠠᠩᠰᠠ︾ ᠶᠢᠨ ᠠᠷᠭ᠎ᠠ ᠬᠡᠯᠪᠡᠷᠢ ᠶᠢ ᠠᠪᠴᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠰᠤ ᠴᠢᠨᠠᠷ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ᠂ ᠲᠢᠩᠬᠢᠮ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠯᠪᠠᠨ ᠬᠡᠷ᠂ ᠠᠵᠢᠯᠲᠠᠨ ᠤ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号