2 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ | ᠬᠦᠬᠡᠬᠤᠲᠡ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ | ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠱᠧᠩ ᠰᠢᠶᠤᠤ ᠶᠢᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠹᠠᠨ ᠵᠥᠩ᠂ ᠲᠢᠩᠬᠢᠮ ᠤᠨ ᠳᠡᠳ᠋ ᠳᠠᠷᠤᠭ᠎ᠠ ᠯᠢ ᠪᠢᠨ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠫᠧᠩ ᠶᠠ ᠯᠢ᠂ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ | ᠬᠤᠷᠠᠯ ᠳᠤ ᠣᠷᠣᠯᠴᠠᠪᠠ᠃ ᠵᠣᠣ ᠴᠠᠩ ᠴᠢᠩ᠂ ᠯᠢ ᠪᠢᠨ ᠲᠣᠰ ᠲᠣᠰ ᠬᠤᠷᠠᠯ ᠡᠷᠭᠢᠯᠡᠪᠡ᠃ | | | | | | ᠬᠤᠷᠠᠯ ᠠᠴᠠ 2022 ᠣᠨ ᠤ ᠤᠰᠤᠨ ᠠᠰᠢᠭᠯᠠᠯᠲᠠ ᠶᠢᠨ ᠠᠵᠢᠯ ᠢ ᠳ᠋ᠦᠩᠨᠡᠵᠦ᠂ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠶᠢᠳᠠᠯ ᠪᠣᠯᠤᠨ ᠡᠭᠦᠷᠭᠡ | ᠶᠢ ᠵᠠᠳᠠᠯᠵᠤ᠂ 2023 ᠣᠨ ᠤ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ | ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠯᠲᠠ ᠪᠠᠨ | ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠤᠷᠲᠠᠯ ᠢᠶᠠᠨ ᠬᠤᠪᠢᠷᠠᠭᠤᠯᠵᠤ᠂ ᠤᠰᠤᠨ | ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ | ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠳᠤ | ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ | | | | | | ᠬᠤᠷᠠᠯ ᠠᠴᠠ᠂ 2022 ᠣᠨ ᠤ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠪᠥᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ︽ | ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ | ᠤᠨ ᠴᠢᠨᠠᠷ ᠰᠠᠶᠢᠲᠠᠶ ᠬᠥᠭᠵᠢᠯᠲᠡ ᠶᠢᠨ ᠬᠦᠴᠦᠲᠡᠶ ᠪᠠᠲᠤᠯᠠᠭ᠎ᠠ ᠪᠣᠯᠵᠠᠶ᠃ ᠨᠢᠭᠡ ᠳᠤ᠂ ᠤᠰᠤᠨ ᠠᠰᠢᠭᠯᠠᠯᠲᠠ ᠶᠢᠨ | ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠥᠬᠦ ᠵᠢᠯ ᠳᠤ 135 ᠳ᠋ᠦᠩᠰᠢᠭᠤᠷ | ᠲᠥᠭᠦᠷᠢᠭ ᠤᠨ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ 2021 ᠣᠨ ᠤ | ᠬᠢ ᠠᠴᠠ 1 ᠳᠠᠬᠢᠨ ᠨᠡᠮᠡᠭᠳᠡᠵᠦ᠂ ᠤᠰᠤᠨ ᠠᠰᠢᠭᠯᠠᠯᠲᠠ ᠶᠢᠨ ᠲᠥᠷᠥᠯ ᠵᠦᠶᠯ ᠤᠨ ᠪᠠᠶᠢᠭᠤᠯᠵᠤ ᠪᠠᠶᠢᠭ᠎ᠠ ᠲᠤᠭ᠎ᠠ | ᠬᠡᠮᠵᠢᠶ᠎ᠡ᠂ ᠪᠠᠯᠠ ᠣᠷᠣᠭᠤᠯᠤᠯᠲᠠ ᠶᠢᠨ ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠴᠤᠤᠯ ᠭᠤᠣᠯ | ᠤᠨ ᠤᠰᠤ ᠶᠢ ᠯᠢᠶᠣᠤᠾᠧ ᠭᠤᠣᠯ ᠳᠤ ᠲᠠᠲᠠᠵᠤ ᠣᠷᠣᠭᠤᠯᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ | ᠶᠢᠨ ᠵᠠᠩᠭᠢᠯᠠᠭ᠎ᠠ ᠨᠢ ᠳᠣᠣᠷ᠎ᠠ ᠬᠠᠭᠠᠯᠲᠠ ᠶᠢᠨ ᠤᠰᠤ ᠬᠠᠳᠠᠭᠠᠯᠠᠬᠤ ᠱᠠᠲᠤ ᠦᠶ᠎ᠡ ᠶᠢᠨ ᠰᠢᠯᠭᠠᠨ ᠠᠪᠬᠤ ᠶᠢ | ᠥᠩᠭᠡᠷᠡᠭᠡᠵᠦ᠂ ᠵᠡᠭᠦᠨ ᠲᠠᠶᠢᠰᠠ ᠶᠢᠨ ᠤᠰᠤᠨ ᠴᠥᠭᠦᠷᠥᠮ ᠨᠢ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ | ᠪᠠᠨ ᠳᠠᠪᠠᠭᠤᠯᠤᠨ ᠪᠡᠶᠡᠯᠡᠭᠦᠯᠵᠦ᠂ ᠨᠧᠷᠵᠢ᠂ ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠤᠷᠠᠳᠤ | ᠤᠷᠤᠰᠬᠠᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ | ᠪᠡᠶᠡᠯᠡᠭᠦᠯᠵᠦ᠂ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ | ᠢᠨᠵᠧᠨᠧᠷᠢᠩ ᠢ ᠪᠠᠶᠢᠭᠤᠯᠵᠤ ᠳᠠᠭᠤᠰᠬᠠᠨ ᠤᠰᠤ ᠨᠡᠪᠲᠡᠷᠡᠭᠦᠯᠪᠡ᠃ 23 ᠲᠦᠮᠡᠨ ᠮᠠᠯᠴᠢᠨ ᠲᠠᠷᠢᠶᠠᠴᠢᠨ ᠤ | ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ ᠶᠢ 80.3 % ᠳᠤ | ᠬᠦᠷᠦᠭᠦᠯᠦᠨ᠎ᠡ᠃ ᠥᠪᠥᠷ ᠮᠣᠩᠭᠤᠯ ᠤᠨ ᠤᠰᠤ ᠬᠠᠩᠭᠠᠬᠤ ᠰᠠᠯᠪᠤᠷᠢ ᠱᠤᠭᠤᠮ᠂ ᠴᠤᠤᠯ ᠭᠤᠣᠯ ᠤᠨ ᠤᠰᠤ ᠶᠢ | ᠯᠢᠶᠣᠤᠾᠧ ᠭᠤᠣᠯ ᠳᠤ ᠲᠠᠲᠠᠵᠤ ᠣᠷᠣᠭᠤᠯᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠬᠤᠭᠤᠴᠠᠭ᠎ᠠ | ᠶᠣᠰᠣᠭᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠬᠤᠶᠠᠷ ᠲᠤ᠂ ᠦᠶᠡᠷ ᠤᠰᠤᠲᠤᠯ ᠭᠠᠩ ᠬᠠᠭᠰᠠᠷᠠᠭᠠᠨ ᠤ | ᠭᠠᠮᠰᠢᠭ ᠢ ᠰᠡᠷᠭᠡᠶᠢᠯᠡᠬᠦ ᠲᠠᠯ᠎ᠠ ᠪᠠᠷ᠂ ᠤᠯᠤᠰ ᠤᠨ ᠦᠶᠡᠷ ᠢ ᠰᠡᠷᠭᠡᠶᠢᠯᠡᠬᠦ ᠨᠥᠬᠦᠪᠥᠷᠢ ᠪᠠᠯᠠ ᠮᠥᠩᠭᠦ ᠶᠢ 6650 | ᠲᠦᠮᠡᠨ ᠲᠥᠭᠦᠷᠢᠭ ᠣᠯᠵᠤ᠂ ᠡᠯ᠎ᠡ ᠭᠠᠵᠠᠷ ᠤᠨ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠳᠤ | ᠬᠡᠷᠡᠭᠯᠡᠨ᠎ᠡ᠃ 244 ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠣᠷᠣᠭᠠᠨ ᠤᠰᠤᠨ ᠤ ᠪᠠᠶᠢᠳᠠᠯ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ 248 ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠶᠡᠭᠡ | ᠬᠠᠰᠢᠯᠭ᠎ᠠ ᠶᠢᠨ ᠠᠶᠤᠯᠭᠦᠢ ᠶᠢ ᠬᠢᠨᠠᠨ ᠬᠡᠮᠵᠢᠬᠦ ᠵᠦᠢᠯᠡᠰ ᠢ ᠬᠡᠷᠡᠭᠵᠢᠭᠦᠯᠵᠦ᠂ ᠤᠯᠤᠰ ᠠᠴᠠ ᠱᠠᠭᠠᠷᠳᠠᠭᠰᠠᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 3 ᠵᠢᠯ ᠤᠷᠢᠳᠴᠢᠯᠠᠨ ᠪᠡᠶᠡᠯᠡᠭᠦᠯᠪᠡ᠃ ᠪᠥᠬᠦ ᠣᠷᠣᠨ ᠤ ᠭᠠᠩ | ᠬᠠᠭᠰᠠᠷᠠᠭᠠᠨ ᠤ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠥᠪᠡᠷᠲᠡᠭᠡᠨ ᠵᠠᠰᠠᠬᠤ ᠣᠷᠣᠨ | ᠤ ᠭᠠᠩ ᠬᠠᠭᠰᠠᠷᠠᠭᠠᠨ ᠲᠠᠢ ᠲᠡᠮᠡᠴᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠴᠠᠭ | ᠲᠤᠬᠠᠶ ᠳᠤᠨᠢ ᠡᠬᠢᠯᠡᠭᠦᠯᠵᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠦᠨᠡᠨ ᠬᠦ | ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠤᠰᠤ ᠶᠢ ᠭᠦᠨ ᠠᠷᠪᠢᠯᠠᠵᠤ ᠤᠰᠤ ᠶᠢ ᠡᠵᠡᠮᠳᠡᠬᠦ ᠲᠠᠯ᠎ᠠ ᠪᠠᠷ᠂ ᠡᠯ᠎ᠡ | ᠠᠶᠢᠮᠠᠭ ᠬᠤᠲᠠ ᠬᠤᠰᠢᠭᠤ ᠰᠢᠶᠠᠨ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠱᠠᠭᠠᠷᠳᠠᠯᠭ᠎ᠠ ᠶᠢ | ᠦᠨᠳᠦᠰᠦᠯᠡᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠭᠦᠶᠴᠡᠳᠬᠡᠯ ᠲᠤᠭ᠎ᠠ ᠶᠢ ᠤᠰᠤᠨ ᠤ ᠡᠬᠢ | ᠰᠤᠷᠪᠤᠯᠵᠢ᠂ ᠠᠵᠢᠯ ᠲᠥᠷᠥᠯ ᠬᠤᠪᠢᠶᠠᠨ ᠱᠠᠲᠤ ᠳᠠᠷᠠᠭᠠᠯᠠᠨ ᠤᠰᠤ ᠬᠡᠷᠡᠭᠯᠡᠬᠦ ᠨᠢᠭᠡᠴᠡ ᠳᠤ ᠬᠦᠷᠲᠡᠯ᠎ᠡ | ᠬᠤᠪᠢᠶᠠᠷᠢᠯᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠤᠷᠠᠬᠢ ᠤᠰᠤᠨ | ᠤ ︽ᠴᠠᠬᠢᠯᠭᠠᠨ ᠢᠶᠠᠷ ᠤᠰᠤ ᠶᠢ ᠪᠤᠳᠤᠬᠤ︾ ᠬᠡᠮᠵᠢᠯᠲᠡ ᠶᠢᠨ ᠲᠠᠪᠴᠠᠩ ᠢ ᠪᠠᠶᠢᠭᠤᠯᠤᠨ᠎ᠠ᠃ ᠪᠥᠬᠦ ᠣᠷᠣᠨ ᠤ | ᠲᠦᠮᠡᠨ ᠲᠥᠭᠦᠷᠢᠭ ᠤᠨ GDP ᠶᠢᠨ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 8.9 % | ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠬᠡᠷᠡᠭᠯᠡᠬᠦ | ᠤᠰᠤᠨ ᠤ ᠬᠡᠮᠵᠢᠶ᠎ᠡ ᠶᠢ 2020 ᠣᠨ ᠤ ᠬᠢ ᠠᠴᠠ 13 % ᠪᠠᠭᠤᠷᠠᠭᠤᠯᠤᠨ᠎ᠠ᠃ ᠪᠥᠬᠦ ᠣᠷᠣᠨ ᠤ ᠰᠢᠶᠠᠨ ᠤ | ᠬᠡᠪᠴᠢᠶᠡᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠨᠣᠷᠮ᠎ᠠ 71 % ᠳᠤ ᠬᠦᠷᠭᠡᠨ᠎ᠡ᠃ | ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠦᠬᠠᠶ ᠬᠤᠲᠠ ᠪᠥᠬᠦ ᠤᠯᠤᠰ ᠤᠨ ᠠᠩᠬᠠᠳᠠᠭᠴᠢ ᠪᠦᠯᠦᠭ | ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠴᠢᠭ | ᠤᠨ ᠬᠤᠲᠠ ᠪᠠᠷ ᠰᠣᠩᠭᠤᠭᠳᠠᠪᠠ᠃ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ︽ᠲᠤᠶᠢᠯᠪᠦᠷᠢᠳᠡᠢ ᠵᠠᠰᠠᠬᠤ︾ | ᠶᠢ ᠥᠷᠨᠢᠭᠦᠯᠵᠦ᠂ ᠪᠥᠬᠦ ᠣᠷᠣᠨ ᠳᠤ ᠤᠰᠤ ᠲᠠᠲᠠᠵᠤ ᠬᠡᠷᠡᠭᠯᠡᠬᠦ ᠵᠢᠷᠤᠮᠵᠢᠭᠤᠨ ᠪᠤᠰᠤ ᠲᠥᠷᠥᠯ ᠵᠦᠶᠯ 45795 | ᠶᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 97 % ᠳᠤ ᠬᠥᠷᠪᠡ᠃ ᠪᠥᠬᠦ | ᠣᠷᠣᠨ ᠤ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠭᠰᠡᠨ 813 ᠠᠰᠠᠭᠤᠳᠠᠯ ᠢ ᠪᠦᠬᠦᠨ ᠢ ᠴᠡᠭᠴᠡᠯᠡᠨ | ᠵᠠᠰᠠᠪᠠ᠃ ᠳᠥᠷᠪᠡ ᠳᠤ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠲᠠᠯ᠎ᠠ ᠪᠠᠷ᠂ ᠤᠰᠤᠨ ᠤ | ᠠᠮᠢ ᠠᠬᠤᠶ ᠶᠢ ᠬᠠᠮᠠᠭᠠᠯᠠᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠪᠥᠬᠦ ᠣᠷᠣᠨ ᠳᠤ | ᠭᠤᠤᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠡᠯ᠎ᠡ ᠲᠥᠷᠥᠯ ᠤᠨ1241ᠠᠰᠠᠭᠤᠳᠠᠯ ᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠬᠠᠲᠤᠨ ᠭᠤᠤᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ | ᠳᠠᠷᠢᠬᠤ ᠶᠢ ᠴᠠᠭᠠᠵᠠᠯᠠᠭᠰᠠᠨ ᠲᠠᠯᠠᠪᠠᠶ 25.9 ᠲᠦᠮᠡᠨ ᠮᠥ ᠳᠤ ᠬᠦᠷᠴᠦ᠂ ᠲᠠᠩ ᠭᠠᠵᠠᠷ ᠤᠨ 857 ᠡᠷᠦᠬᠡ ᠶᠢᠨ | 2161 ᠬᠥᠮᠦᠨ ᠢ ᠨᠡᠭᠦᠯᠭᠡᠵᠦ ᠪᠠᠶᠢᠭᠤᠯᠪᠠ᠃ ᠠᠮᠢ ᠠᠬᠤᠢ ᠶᠢᠨ ᠤᠰᠤ ᠨᠥᠬᠦᠪᠥᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠤᠯᠠᠭᠠᠨᠰᠤᠬᠠᠢ ᠨᠠᠭᠤᠷ ᠲᠤ 5.71 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ | ᠨᠥᠬᠦᠪᠥᠷᠢᠯᠡᠵᠦ᠂ ᠲᠠᠭ᠎ᠠ ᠶᠢᠨ ᠨᠠᠭᠤᠷ ᠲᠤ 308 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ | ᠨᠥᠬᠦᠪᠥᠷᠢᠯᠡᠵᠦ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠤᠨ ᠤᠰᠤᠨ ᠤ ᠬᠡᠮᠵᠢᠶ᠎ᠡ ᠶᠢ 3.29 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠶᠢ ᠲᠠᠲᠠᠷᠠᠭᠤᠯᠪᠠ᠃ ᠪᠥᠬᠦ ᠵᠢᠯ ᠳᠤ 1167 ᠲᠦᠮᠡᠨ ᠮᠦ | ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠪᠡ᠃ ᠲᠠᠪᠤ ᠳᠤ᠂ ᠤᠰᠤᠨ ᠠᠰᠢᠭᠯᠠᠯᠲᠠ | ᠶᠢᠨ ᠪᠠᠶᠢᠭᠤᠯᠤᠮᠵᠢ ᠲᠣᠭᠲᠠᠴᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠲᠠᠯ᠎ᠠ ᠪᠠᠷ᠂ ︽ᠲᠠᠪᠤ ᠶᠢ ᠪᠠᠲᠤᠯᠠᠬᠤ︾ | ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠤᠰᠤᠨ ᠳᠤ ᠬᠤᠯᠪᠣᠭᠳᠠᠭᠰᠠᠨ ᠵᠦᠪᠰᠢᠶᠡᠷᠡᠭᠦᠯᠬᠦ ᠪᠠᠷ ᠪᠠᠶᠢᠭ᠎ᠠ | ᠲᠥᠷᠥᠯ ᠵᠦᠶᠯ᠂ ᠨᠦᠬᠦᠪᠦᠷᠢᠯᠡᠨ ᠵᠦᠪᠰᠢᠶᠡᠷᠡᠭᠦᠯᠬᠦ ᠲᠥᠷᠥᠯ ᠵᠦᠶᠯ ᠤᠨ 6425 ᠵᠦᠢᠯ ᠤᠨ ᠬᠢᠨᠠᠨ ᠵᠥᠪᠰᠢᠶᠡᠷᠡᠬᠦ | ᠲᠥᠷᠥᠯ ᠵᠦᠶᠯ ᠢ ᠪᠦᠬᠦᠨ ᠢ ᠰᠢᠢᠳᠪᠦᠷᠢᠯᠡᠨ ᠳᠠᠭᠤᠰᠬᠠᠵᠤ᠂ 12 ᠲᠥᠷᠥᠯ ᠵᠦᠶᠯ ᠤᠨ ᠤᠰᠤᠨ ᠠᠰᠢᠭᠯᠠᠯᠲᠠ ᠶᠢᠨ | ᠵᠦᠢᠯᠡᠰ ᠤᠨ ︽ᠳᠤᠲᠠᠭᠤ ᠲᠤᠷᠭᠤᠨ︾ ᠢᠨᠵᠧᠨᠧᠷᠢᠩ ᠤᠨ 8 ᠵᠦᠶᠯ ᠢ ᠰᠢᠢᠳᠪᠦᠷᠢᠯᠡᠵᠦ ᠬᠦᠴᠦᠨ ᠥᠬᠡᠶ | ᠪᠣᠯᠭᠠᠪᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠ ᠲᠣᠭᠠᠴᠢᠯᠠᠭᠰᠠᠨ ᠡᠨᠧᠷᠭᠢ | ᠣᠯᠭᠤᠬᠤ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠲᠣᠭᠠᠴᠢᠯᠠᠭᠰᠠᠨ ᠬᠡᠷᠡᠭᠯᠡᠭᠡᠨ | ᠤ ᠲᠤᠯᠭᠠᠭᠤᠷᠢᠯᠠᠬᠤ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠬᠥᠭᠵᠢᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠦ ᠵᠢᠠᠭᠠᠨ ᠭᠠᠷᠭᠠᠪᠠ᠃ | | | | | | | ᠬᠤᠷᠠᠯ ᠠᠴᠠ᠂ ᠣᠳᠣᠬᠠᠨ ᠳᠤ ᠮᠠᠨ ᠤ ᠤᠯᠤᠰ ᠨᠢᠭᠡᠨᠲᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ | ᠠᠶᠠᠨ ᠳᠤ ᠮᠣᠷᠳᠠᠵᠤ᠂ ᠥᠪᠥᠷ ᠮᠣᠩᠭᠤᠯ ᠴᠤ ᠲᠦᠷᠭᠡᠨ ᠬᠥᠭᠵᠢᠬᠦ᠂ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ | ᠱᠠᠲᠤᠨ ᠳᠤ ᠣᠷᠣᠪᠠ᠃ ᠪᠥᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠨᠠᠮ | ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠠᠵᠢᠯ ᠳᠤ | ᠲᠠᠯᠪᠢᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠳᠡᠵᠦ᠂ ︽ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ | ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠪᠠᠷᠢᠮᠲᠠᠯᠠᠨ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | | | ᠬᠤᠷᠠᠯ ᠠᠴᠠ᠂ 2023 ᠣᠨ ᠤ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ | ᠶᠢ ᠡᠷᠡᠰ ᠭᠤᠶᠢᠪᠢᠰᠢ ᠦᠭᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠠᠮᠢ ᠠᠬᠤᠢ | ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ︾ ᠨᠠᠨᠳᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠠᠮᠵᠢᠵᠤ᠂ ᠠᠶᠤᠯ ᠲᠦᠭᠰᠢᠭᠦᠷᠢ ᠲᠤᠯᠭᠠᠷᠠᠬᠤ ᠠᠴᠠ ᠠᠶᠤᠬᠤ ᠦᠭᠡᠢ | ᠪᠠᠶᠢᠵᠤ᠂ ︽ᠬᠤᠶᠠᠷ ᠲᠠᠯ᠎ᠠ ᠪᠠᠷ ᠬᠦᠴᠦᠯᠡᠬᠦ︾ ᠪᠠᠷ ᠤᠰᠤᠨ ᠠᠰᠢᠭᠯᠠᠯᠲᠠ ᠶᠢᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ | ᠶᠢ ᠪᠦᠬᠦ ᠬᠦᠴᠦ ᠪᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | | | | | | ᠨᠢᠭᠡ ᠳᠤ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠠ ᠲᠥᠷᠥᠯ ᠵᠦᠶᠯ ᠤᠨ ᠲᠥᠯᠥᠪᠵᠢᠭᠦᠯᠭᠡ ᠶᠢ | ᠬᠦᠴᠦᠲᠡᠶ ᠲᠦᠯᠬᠢᠨ ᠠᠬᠢᠭᠤᠯᠵᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠵᠢᠴᠢ ᠪᠦᠬᠦ ᠲᠠᠯ᠎ᠠ | ᠶᠢᠨ ᠤᠰᠤᠨ ᠠᠰᠢᠭᠯᠠᠯᠲᠠ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ | ᠬᠡᠷᠡᠭᠲᠡᠶ᠃ ᠠᠵᠤ ᠠᠬᠤᠶ ᠶᠢᠨ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠠᠰᠢᠭᠲᠠᠶ ︽ᠴᠤᠩᠬᠤᠪᠴᠢ︾ ᠶᠢ | ᠠᠳᠬᠤᠨ᠂ ᠲᠥᠪ ᠤᠨ ᠪᠡᠯᠡ ᠣᠷᠣᠭᠤᠯᠤᠯᠲᠠ ᠶᠢ ᠢᠳᠡᠪᠬᠢᠯᠡᠨ ᠣᠯᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠠᠰᠢᠭᠯᠠᠬᠤ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠨ᠂ ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠡᠭᠡᠭᠡᠨ | ᠬᠦᠭᠵᠢᠭᠦᠯᠬᠦ ᠴᠢᠨᠠᠷᠲᠠᠶ ᠮᠥᠩᠭᠦᠨ ᠭᠦᠢᠯᠭᠡᠭᠡᠨ ᠤ ᠪᠠᠭᠠᠵᠢ ᠶᠢ ᠨᠡᠩ ᠶᠡᠭᠡ ᠡᠷᠴᠢᠮ ᠲᠠᠢ ᠠᠰᠢᠭᠯᠠᠵᠤ᠂ ᠨᠡᠩ ᠣᠯᠠᠨ | ᠨᠡᠶᠢᠭᠡᠮ ᠤᠨ ᠬᠥᠷᠥᠩᠭᠡ ᠶᠢ ᠲᠠᠲᠠᠵᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ | ᠡᠵᠡᠩᠨᠡᠯᠲᠡ ᠳᠤ ᠣᠷᠣᠯᠴᠠᠭᠤᠯᠤᠨ᠂ ᠪᠦᠬᠦ ᠵᠢᠯ ᠤᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ 200 | ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠬᠤᠶᠠᠷ ᠲᠤ᠂ ᠦᠶᠡᠷ ᠤᠰᠤᠲᠤᠯ ᠭᠠᠩ | ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠵᠤ᠂ ᠠᠷᠠᠳ ᠣᠯᠠᠨ ᠤ | ᠠᠮᠢ ᠨᠠᠰᠤᠨ ᠤ ᠠᠮᠤᠷ ᠲᠦᠪᠰᠢᠨ ᠪᠠ ᠬᠤᠲᠠ ᠬᠥᠳᠡᠭᠡ ᠶᠢᠨ ᠤᠰᠤ ᠬᠠᠩᠭᠠᠬᠤ ᠠᠮᠤᠷ ᠲᠦᠪᠰᠢᠨ ᠢ ᠦᠨᠡᠨ ᠬᠦ | ᠪᠠᠲᠤᠯᠠᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠰᠠᠶᠢᠲᠤᠷ ᠠᠳᠬᠤᠵᠤ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ | ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠤᠰᠤ ᠬᠠᠩᠭᠠᠬᠤ | ᠲᠣᠭᠲᠠᠴᠠ ᠶᠢ ᠪᠦᠷᠢᠨᠰᠢᠭᠦᠯᠵᠦ᠂ ᠬᠤᠲᠠ ᠬᠥᠳᠡᠭᠡ ᠶᠢᠨ ᠤᠰᠤ ᠬᠠᠩᠭᠠᠬᠤ᠂ ᠤᠰᠤᠯᠠᠯᠲᠠ ᠶᠢᠨ ᠣᠷᠣᠨ ᠵᠡᠷᠭᠡ | ᠤᠰᠤ ᠬᠡᠷᠡᠭᠯᠡᠬᠦ ᠡᠷᠦᠬᠡ ᠶᠢ ᠣᠨᠣᠪᠴᠢᠲᠠᠶ ᠵᠣᠯᠭᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠭᠤᠷᠪᠠ ᠳᠤ᠂ ︽ᠤᠰᠤ ᠪᠠᠷ ᠲᠦᠷᠪᠡ ᠶᠢ ᠲᠤᠭᠳᠠᠭᠠᠬᠤ︾ | ᠤᠨ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠳᠦ ᠬᠢᠵᠠᠭᠠᠷ ᠢ ᠴᠢᠩᠭ᠎ᠠ | ᠰᠠᠬᠢᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ︽ᠦᠬᠦᠵᠦ ᠰᠡᠭᠡᠬᠦ ᠳᠤ ᠬᠤᠯᠪᠣᠭᠳᠠᠬᠤ︾ ᠪᠠ ︽ | ᠬᠤᠷᠠᠮᠳᠤᠭᠠᠳ ᠪᠤᠴᠠᠬᠤ ᠳᠤ ᠪᠡᠷᠬᠡ︾ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠭᠲᠠ ᠪᠤᠳᠤᠵᠤ᠂ | ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠡᠷᠡᠭᠯᠡᠵᠦ ᠰᠠᠶᠢᠲᠤᠷ ᠬᠠᠮᠢᠶᠠᠷᠬᠤ ᠬᠡᠷᠡᠭᠲᠡᠢ᠃ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠬᠦᠴᠦᠯᠡᠴᠡ ᠶᠢᠨ ᠬᠤᠣᠰ ᠡᠵᠡᠮᠳᠡᠯ ᠢ ᠴᠢᠩᠭᠠᠳᠬᠠᠨ᠎ᠠ᠃ ︽ᠨᠢᠭᠡ ᠠᠶᠢᠮᠠᠭ ︵ | ᠬᠤᠲᠠ︶ ᠳᠤ ᠨᠢᠭᠡ ᠠᠷᠭ᠎ᠠ ᠪᠣᠳᠣᠯᠭ᠎ᠠ︾ ᠶᠢᠨ ᠤᠰᠤᠨ ᠤ ᠡᠬᠢ ᠪᠠᠶᠠᠯᠢᠭ ᠢ ᠠᠷᠪᠢᠯᠠᠬᠤ ᠬᠠᠮᠢᠶᠠᠷᠤᠯᠲᠠ ᠶᠢᠨ | ᠬᠠᠷᠠᠯᠲᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠤᠰᠤ ᠲᠠᠲᠠᠵᠤ ᠬᠡᠷᠡᠭᠯᠡᠬᠦ ᠪᠦᠲᠦᠮᠵᠢᠲᠡᠶ ᠬᠡᠮᠵᠢᠯᠲᠡ ᠪᠠ ᠭᠠᠵᠠᠷ | ᠳᠣᠤᠷᠠᠬᠢ ᠤᠰᠤ ᠶᠢ ᠪᠥᠬᠦ ᠲᠠᠯ᠎ᠠ ᠪᠠᠷ ᠬᠢᠨᠠᠨ ᠰᠢᠨᠵᠢᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 371 ᠭᠠᠵᠠᠷ | ᠳᠣᠤᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠡ ᠪᠠᠷ ᠦᠨᠳᠦᠰᠦᠨ ︽ᠲᠣᠤᠷᠴᠢᠯᠠᠯ︾ ᠪᠣᠯᠭᠠᠵᠤ᠂ ᠣᠨ ᠤ | ᠭᠠᠵᠠᠷ ᠳᠣᠤᠷᠠᠬᠢ ᠤᠰᠤᠨ ᠤ ᠤᠰᠤᠨ ᠤ ᠬᠡᠮᠵᠢᠶ᠎ᠡ ᠤᠰᠤᠨ ᠤ ᠲᠦᠪᠰᠢᠨ ᠤ ᠬᠤᠤᠰ ᠡᠵᠡᠮᠳᠡᠯ ᠢ ᠦᠨᠡᠯᠡᠨ ᠵᠢᠱᠢᠵᠦ | ᠰᠢᠯᠭᠠᠨ ᠬᠢᠨᠠᠬᠤ ᠶᠢ ᠥᠷᠨᠢᠭᠦᠯᠦᠨ᠎ᠡ᠃ ᠪᠥᠬᠦ ᠵᠢᠯ ᠳᠤ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ | 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ | ᠤᠯᠤᠰ ᠤᠨ ᠳᠣᠲᠣᠭᠠᠳᠤ ᠶᠢᠨ ᠦᠶᠯᠡᠳᠪᠦᠷᠢᠯᠡᠯ ᠤᠨ ᠪᠦᠬᠦ ᠥᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ | ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠤᠰ ᠲᠤᠰ | 2020 ᠣᠨ ᠤ ᠬᠢ ᠠᠴᠠ 6 % ᠪᠠ 7 % ᠪᠠᠷ ᠪᠠᠭᠤᠷᠠᠭᠤᠯᠵᠤ᠂ ᠨᠡᠮᠡᠭᠳᠡᠭᠰᠡᠨ ᠤᠰᠤᠨ ᠤ ᠪᠦᠲᠦᠮᠵᠢᠲᠡᠶ | ᠠᠰᠢᠭᠯᠠᠯᠲᠠ ᠶᠢᠨ ᠢᠯᠡᠳᠬᠡᠮᠵᠢ ᠶᠢ 0.573 ᠠᠴᠠ ᠳᠡᠭᠡᠭᠰᠢ ᠳᠤ ᠬᠦᠷᠦᠭᠦᠯᠦᠨ᠎ᠡ᠃ ᠪᠥᠬᠦ ᠨᠡᠶᠢᠭᠡᠮ ᠢᠶᠠᠷ ᠢᠶᠠᠨ | ᠤᠰᠤ ᠠᠷᠪᠢᠯᠠᠬᠤ ᠶᠢ ᠦᠷᠭᠦᠯᠵᠢᠯᠡᠨ ᠠᠬᠢᠭᠤᠯᠵᠤ᠂ ︽ᠴᠠᠬᠢᠯᠭᠠᠨ ᠢᠶᠠᠷ ᠤᠰᠤ ᠶᠢ ᠪᠤᠳᠤᠬᠤ︾ ᠬᠡᠮᠵᠢᠯᠲᠡ ᠶᠢ | ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠲᠠᠯ᠎ᠠ ᠪᠠᠷ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ | ᠥᠭᠡᠷᠡᠴᠢᠯᠡᠯᠲᠡ ᠶᠢᠨ ᠰᠢᠯᠭᠠᠨ ᠬᠤᠷᠢᠶᠠᠬᠤ ᠶᠢ ᠡᠮᠬᠢ ᠵᠢᠷᠤᠮ ᠲᠠᠢ ᠥᠷᠨᠢᠭᠦᠯᠦᠨ᠂ ᠰᠢᠯᠭᠠᠨ ᠬᠤᠷᠢᠶᠠᠬᠤ ᠶᠢ | ᠪᠡᠶᠡᠯᠡᠭᠦᠯᠦᠭᠰᠡᠨ ᠲᠠᠯᠠᠪᠠᠢ ᠶᠢ 2000 ᠲᠦᠮᠡᠨ ᠮᠥ ᠠᠴᠠ ᠳᠤᠲᠠᠭᠤ ᠦᠭᠡᠢ ᠪᠠᠶᠢᠯᠭᠠᠨ᠎ᠠ᠃ ᠪᠦᠬᠦ ᠣᠷᠣᠨ ᠤ | ᠰᠢᠶᠠᠨ ᠤ ᠬᠡᠪᠴᠢᠶᠡᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠠᠶᠢᠭᠤᠯᠬᠤ ᠨᠣᠷᠮ᠎ᠠ ᠶᠢ 75 % ᠳᠤ | ᠬᠦᠷᠦᠭᠦᠯᠬᠦ ᠪᠠᠷ ᠴᠢᠷᠮᠠᠶᠢᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠨᠦᠬᠦᠴᠡᠯ ᠤᠨ ᠰᠡᠷᠡᠮᠵᠢ ᠶᠢᠨ | ᠹᠢᠯᠢᠮ᠂ ᠳᠠᠯᠳᠠᠭᠤᠷ ᠰᠤᠷᠪᠤᠯᠵᠢᠯᠠᠬᠤ ᠹᠢᠯᠢᠮ ᠵᠢᠴᠢ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ | ᠨᠦᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠤᠰᠤᠨ ᠳᠤ ᠬᠤᠯᠪᠣᠭᠳᠠᠭᠰᠠᠨ ᠨᠡᠶᠢᠲᠡᠯᠢᠭ ᠬᠡᠷᠡᠭ | ᠤᠨ ᠵᠢᠱᠢᠶ᠎ᠡ ᠵᠢᠴᠢ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ | ᠰᠠᠶᠢᠲᠤᠷ ᠠᠳᠬᠤᠨ᠎ᠠ᠃ ᠳᠥᠷᠪᠡ ᠳᠤ᠂ ᠤᠰᠤᠨ ᠤ ᠠᠮᠢ ᠠᠬᠤᠶ ᠶᠢ ᠬᠠᠮᠠᠭᠠᠯᠠᠨ ᠵᠠᠰᠠᠬᠤ ᠶᠢ ᠭᠦᠨᠵᠡᠭᠡᠶ | ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠨᠥᠬᠦᠴᠡᠯ ᠢ ᠰᠡᠷᠭᠦᠭᠡᠨ᠂ | ᠬᠥᠮᠦᠨ ᠤᠰᠤᠨ ᠤ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ ᠬᠥᠷᠥᠰᠥ ᠰᠢᠷᠣᠶ ᠶᠢᠨ | ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠦᠬᠦ ᠵᠢᠯ ᠳᠤ ᠬᠥᠷᠥᠰᠥ | ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠶ ᠶᠢ 1128 ᠲᠦᠮᠡᠨ ᠮᠦ ᠠᠴᠠ ᠳᠡᠭᠡᠭᠰᠢ | ᠪᠡᠶᠡᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ︽ | ᠨᠢᠭᠡ ᠨᠠᠭᠤᠷ ᠬᠤᠶᠠᠷ ᠲᠠᠩᠭᠢᠰ︾ ᠵᠢᠴᠢ ᠴᠠᠭᠠᠨᠨᠠᠭᠤᠷ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠨᠠᠭᠤᠷ | ᠴᠥᠭᠦᠷᠥᠮ ᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠰᠠᠶᠢᠲᠤᠷ ᠠᠳᠬᠤᠨ᠎ᠠ᠃ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠲᠠᠪᠤ ᠳᠤ᠂ | ᠪᠦᠳᠦᠭᠡᠨ ᠪᠠᠶᠢᠭᠤᠯᠬᠤ ᠪᠠ ᠬᠠᠮᠢᠶᠠᠷᠤᠯᠳᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠰᠤᠨ | ᠠᠰᠢᠭᠯᠠᠯᠲᠠ ᠶᠢᠨ ᠠᠵᠢᠯ ᠲᠦᠷᠦᠯ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠵᠠᠰᠠᠯᠲᠠ | ᠶᠢᠨ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠶᠣᠰᠣᠭᠠᠷ ᠤᠰᠤ ᠶᠢ ᠵᠠᠰᠠᠬᠤ ᠶᠢ | ᠴᠢᠩᠭᠠᠳᠬᠠᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢ | ᠴᠢᠩᠭᠠᠳᠬᠠᠵᠤ᠂ ᠬᠠᠮᠢᠶᠠᠷᠤᠯᠲᠠ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ︽ᠪᠠᠭᠤᠯᠭᠠᠬᠤ | ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠢᠷᠭᠤᠭ᠎ᠠ ᠳᠤ᠂ ᠨᠠᠮ ᠢ | ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠶᠢ ᠭᠦᠨᠵᠡᠭᠡᠶᠢᠷᠡᠭᠦᠯᠦᠨ ᠠᠬᠢᠭᠤᠯᠵᠤ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠶᠢ | ᠬᠥᠲᠥᠯᠥᠨ ᠳᠠᠭᠠᠭᠤᠯᠵᠤ ᠯᠠᠪᠳᠠᠭᠤᠨ ᠢᠶᠠᠷ ᠤᠷᠤᠭᠰᠢᠯᠠᠭᠤᠯᠤᠨ᠎ᠠ᠃ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠬᠠᠷᠢᠭᠤᠴᠠᠯᠭ᠎ᠠ ᠡᠭᠦᠷᠭᠡᠯᠡᠨ | ᠪᠣᠳᠠᠲᠠᠶ ᠠᠵᠢᠯᠯᠠᠬᠤ᠂ ᠰᠤᠷᠲᠠᠯ ᠴᠢᠬᠡᠴᠢ ᠣᠪᠣᠷ ᠲᠥᠪ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ | ᠶᠢᠨ ᠤᠯᠤᠰ ᠲᠥᠷᠥ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠬᠦᠪᠴᠢᠯᠡᠨ | ᠭᠦᠢᠴᠡᠳ ᠪᠠᠳᠠᠷᠠᠭᠤᠯᠵᠤ᠂ ᠪᠦᠬᠦ ᠵᠢᠯ ᠤᠨ ᠤᠰᠤᠨ ᠠᠰᠢᠭᠯᠠᠯᠲᠠ ᠶᠢᠨ ᠠᠵᠢᠯ ᠤᠨ ᠡᠭᠦᠷᠭᠡ ᠪᠠᠨ ᠬᠦᠴᠦᠯᠡᠨ | ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ︽ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠲᠤᠰᠬᠠᠢ ᠰᠡᠳᠦᠪᠲᠦ | ᠪᠣᠯᠪᠠᠰᠤᠷᠠᠯ︾ ᠢ ᠵᠣᠬᠢᠶᠠᠨ ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠡᠮᠵᠢ | ᠶᠢᠨ ᠹᠢᠯᠢᠮ ᠢ ᠨᠡᠪᠲᠡᠷᠡᠭᠦᠯᠪᠡ᠃ | ᠤᠰᠤᠨ ᠠᠰᠢᠭᠯᠠᠯᠲᠠ ᠶᠢᠨ ᠲᠢᠩᠬᠢᠮ ᠤᠨ ᠡᠳ᠋ ᠤᠨ ᠶᠠᠪᠤᠳᠠᠯ ᠤᠨ ᠭᠠᠵᠠᠷ᠂ ᠤᠰᠤᠨ ᠤ ᠡᠬᠢ ᠪᠠᠶᠠᠯᠢᠭ ᠤᠨ | ᠭᠠᠵᠠᠷ᠂ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ᠂ ᠤᠯᠠᠭᠠᠨᠬᠠᠳᠠ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠠᠨᠨᠠᠭᠤᠷ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠰᠠᠨᠠᠯ ᠢᠶᠠᠨ ᠰᠣᠯᠢᠯᠴᠠᠬᠤ ᠶᠠᠷᠢᠶ᠎ᠠ ᠳᠠᠯᠪᠢᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠡ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ | ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ | ᠮᠠᠯ ᠠᠵᠤ ᠠᠬᠤᠶ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠪᠠᠶᠢᠴᠠᠭᠠᠬᠤ | ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠷᠢᠯᠭ᠎ᠠ ᠪᠠᠷ ᠬᠤᠷᠠᠯ ᠳᠤ | ᠣᠷᠣᠯᠴᠠᠪᠠ᠂ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ | ᠠᠰᠢᠭᠯᠠᠯᠲᠠ ᠶᠢᠨ ᠬᠥᠭᠵᠢᠯᠲᠡ ᠶᠢᠨ ᠲᠥᠪ᠂ ᠬᠠᠲᠤᠨ ᠭᠤᠤᠯ ᠤᠨ ᠬᠠᠶᠢᠷᠤᠪ ᠤᠨ ᠪᠤᠯᠤᠩ ᠤᠨ ᠤᠰᠤᠨ | ᠠᠰᠢᠭᠯᠠᠯᠲᠠ ᠶᠢᠨ ᠵᠠᠩᠭᠢᠯᠠᠭ᠎ᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠭᠤᠤᠯ ᠬᠠᠷᠢᠭᠤᠴᠠᠯᠭᠠᠲᠠᠨ᠂ | ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠪᠥᠬᠦ ᠠᠵᠢᠯᠲᠠᠨ᠂ ᠲᠢᠩᠬᠢᠮ ᠤᠨ ᠬᠠᠷᠢᠶ᠎ᠠ ᠨᠢᠭᠡᠴᠡ᠂ | ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ | ᠤ ᠶᠠᠪᠤᠳᠠᠯ︶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | ︵ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠰᠣᠨᠢᠨ ᠮᠡᠳᠡᠭᠡ ᠤᠬᠠᠭᠤᠯᠬᠤ ᠬᠡᠯᠲᠡᠰ | ᠡᠬᠡ ᠪᠢᠴᠢᠭ ᠬᠠᠩᠭᠠᠪᠠ︶ | |