ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ  ᠤᠨ ᠨᠠᠮ ᠤᠨ ᠬᠤᠷᠢᠶ᠎ᠠ 2022 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/24
  2 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶ᠎ᠠ 2022 ᠣᠨ ᠤ ᠨᠠᠮ ᠤᠨ ᠭᠡᠰᠢᠭᠦᠨ ᠤᠳᠤᠷᠢᠳᠬᠤ ᠺᠠᠲᠷᠴᠦᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ᠂ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠣᠣ ᠴᠠᠩ ᠴᠢᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠹᠠᠨ ᠵᠥᠩ ᠴᠧᠩ ︵ᠠᠵᠢᠯ ᠡᠷᠭᠢᠯᠡᠬᠦ︶ ᠬᠤᠷᠠᠯ ᠡᠷᠭᠢᠯᠡᠪᠡ᠃
宣传2-24-1.jpg
  ᠬᠤᠷᠠᠯ ᠳᠡᠭᠡᠷ᠎ᠡ᠂ ᠹᠠᠨ ᠵᠥᠩ ᠴᠧᠩ ᠨᠥᠬᠦᠷ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠵᠢᠴᠢ ᠰᠠᠨᠠᠯ ᠰᠠᠨᠠᠭᠤᠯᠭ᠎ᠠ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ  ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠨᠠᠷ ᠲᠠᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠳᠠᠯᠪᠢᠵᠦ᠂ ᠰᠢᠭᠦᠮᠵᠢᠯᠡᠯ ᠪᠠ ᠥᠪᠡᠷ  ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠦᠷᠨᠢᠭᠦᠯᠵᠠᠢ᠃
宣传2-24-2.jpg
  ᠵᠤᠤ ᠴᠠᠩ ᠴᠢᠩ ᠨᠥᠬᠦᠷ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠬᠡᠯᠪᠡᠷᠢ ᠨᠢ ᠲᠥᠪ ᠴᠢᠩᠭ᠎ᠠ᠂ ᠲᠡᠰ ᠳᠠᠷᠠᠭᠠᠯᠠᠯ ᠨᠢ ᠵᠢᠷᠤᠮᠵᠢᠯ ᠲᠠᠢ᠂ ᠠᠭᠤᠯᠭ᠎ᠠ ᠨᠢ ᠪᠣᠳᠠᠲᠠᠢ ᠶᠢ ᠡᠷᠬᠢᠮᠯᠡᠭᠰᠡᠨ᠂ ᠦᠷ᠎ᠡ ᠪᠦᠲᠦᠮᠵᠢ ᠨᠢ ᠢᠯᠡᠷᠬᠡᠢ ᠴᠢᠨᠠᠷ ᠰᠠᠶᠢᠲᠠᠢ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ᠎ᠠ᠃ ᠡᠭᠦᠨ ᠤ ᠬᠠᠮᠲᠤ ᠪᠠᠰᠠ ᠬᠦᠷᠦᠯᠴᠡᠬᠦ ᠥᠬᠡᠶ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠬᠡᠳᠦᠨ ᠱᠠᠭᠠᠷᠳᠠᠯᠭ᠎ᠠ ᠳᠤᠷᠠᠳᠴᠠᠶ᠂         ᠨᠢᠭᠡ ᠳᠤ᠂ ᠣᠭ ᠰᠠᠨᠠᠭ᠎ᠠ ᠪᠠᠨ ᠤᠯᠠᠮ ᠨᠢᠭᠡ ᠠᠯᠬᠤᠮ ᠪᠠᠷᠢᠮᠲᠠᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠩᠬᠠᠨ ᠤ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠠ ︽ᠲᠠᠪᠤ ᠶᠢ ᠲᠣᠶᠢᠯᠪᠤᠷᠢᠲᠠᠢ ᠵᠠᠰᠠᠬᠤ︾ ᠶᠢᠨ ᠲᠤᠰᠬᠠᠢ ᠵᠦᠢᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠦᠭᠡᠷᠡᠴᠢᠯᠡᠬᠦ︾ ᠶᠢ ᠢᠮᠠᠭᠲᠠ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠠᠷᠢᠭᠤᠨ ᠴᠢᠬᠡᠴᠢ ᠶᠢᠨ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠲᠦᠷᠦᠭᠦᠯᠡᠨ ᠭᠦᠶᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠤᠨ ᠵᠤᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠲᠷᠴᠦᠳ ᠤᠨ ᠠᠵᠢᠯ ᠬᠢᠵᠦ ᠦᠶᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠦᠭᠵᠢᠭᠡᠬᠦ ᠬᠡᠷᠡᠭᠲᠡᠢ᠃ ᠭᠤᠷᠪᠠ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠡ ᠵᠢᠯ ᠤᠨ ᠡᠯ᠎ᠡ ᠱᠠᠲᠤ ᠦᠶ᠎ᠡ ᠶᠢᠨ ᠭᠤᠤᠯᠳᠠᠯᠭ᠎ᠠ ᠲᠠᠢ ᠡᠭᠦᠷᠭᠡ᠂ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠭᠤᠤᠯᠳᠠᠯᠭ᠎ᠠ  ᠶᠢ ᠳᠣᠪᠣᠶᠢᠯᠭᠠᠵᠤ᠂ ᠪᠠᠲᠤᠯᠠᠭ᠎ᠠ ᠶᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠠᠰᠢᠭᠯᠠᠯᠲᠠ ᠶᠢᠨ ᠠᠵᠢᠯ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ      ᠣᠶᠢᠯᠠᠭᠠᠵᠤ᠂ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠦᠶᠯᠡᠴᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠮᠡᠷᠭᠡᠵᠢᠯ  ᠤᠨ ᠲᠤᠯᠭᠠᠭᠤᠷᠢᠯᠠᠯ ᠪᠠᠲᠤᠯᠠᠭ᠎ᠠ ᠬᠠᠩᠭᠠᠨ᠎ᠠ᠃  ᠹᠠᠨ ᠵᠦᠩ ᠴᠧᠩ ᠨᠥᠬᠦᠷ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠤᠰᠤᠨ ᠠᠰᠢᠭᠯᠠᠯᠲᠠ ᠶᠢᠨ ᠲᠢᠩᠬᠢᠮ ᠤᠨ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠦᠨᠡᠯᠡᠭᠰᠡᠨ ᠰᠠᠨᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠶᠢᠨ ᠳᠤᠷᠠᠳᠤᠭᠰᠠᠨ ︽ᠤᠬᠠᠭᠠᠨᠲᠠᠨ ᠤ ᠪᠦᠯᠬᠦᠮ︾ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠤᠰᠤᠨ ᠠᠰᠢᠭᠯᠠᠯᠲᠠ ᠶᠢᠨ ᠦᠶᠯᠡᠰ ᠤᠨ ᠦᠵᠦ ᠲᠥᠯᠥᠪᠯᠡᠭᠡ ᠶᠢ ᠰᠠᠶᠢᠲᠤᠷ ᠲᠥᠯᠥᠪᠵᠢᠭᠦᠯᠵᠦ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠠᠬᠢᠭᠤᠯᠵᠤ᠂ ᠥᠪᠥᠷ ᠮᠣᠩᠭᠤᠯ ᠤᠨ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠮᠡᠷᠭᠡᠵᠢᠯ ᠤᠨ ᠪᠣᠷᠣ ᠲᠥᠯᠥᠪ ᠤᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠲᠣᠭᠠᠴᠢᠯᠠᠭᠰᠠᠨ ᠢᠬᠡᠷ᠎ᠡ ᠰᠠᠪᠠ ᠭᠠᠵᠠᠷ᠂ ᠤᠶᠤᠨᠲᠤ ᠭᠤᠤᠯ ᠮᠦᠷᠡᠨ ᠨᠠᠭᠤᠷ ᠤᠨ ᠬᠢᠨᠠᠯᠲᠠ ᠬᠠᠮᠢᠶᠠᠷᠤᠯᠲᠠ᠂ ︽ᠴᠠᠬᠢᠯᠭᠠᠨ ᠢᠶᠠᠷ ᠤᠰᠤ ᠶᠢ ᠨᠤᠭᠤᠯᠬᠤ︾᠂ ᠤᠰᠤᠯᠠᠯᠲᠠ ᠶᠢᠨ ᠣᠷᠣᠨ ᠤ ︽ᠨᠢᠭᠡ ᠵᠢᠷᠤᠭ︾ ᠵᠡᠷᠭᠡ ᠭᠤᠤᠯᠳᠠᠯᠭ᠎ᠠ ᠲᠠᠢ ᠡᠭᠦᠷᠭᠡ ᠶᠢ ᠬᠦᠴᠦᠯᠡᠨ ᠰᠠᠶᠢᠲᠤᠷ ᠬᠢᠵᠦ᠂ ᠶᠡᠷᠦᠩᠬᠡᠶ ᠱᠦᠵᠢ ᠰᠢ  ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠤᠰᠤᠨ ᠤ ᠠᠮᠤᠷ ᠲᠦᠪᠰᠢᠨ ᠬᠦᠴᠦᠲᠡᠶ ᠪᠠᠲᠤᠯᠠᠭ᠎ᠠ ᠬᠠᠩᠭᠠᠨ᠎ᠠ᠃  ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠠᠴᠠ ᠡᠬᠡ ᠪᠢᠴᠢᠭ ᠬᠠᠩᠭᠠᠪᠠ︶    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号