ᠤᠰᠤᠨ ᠰᠢᠨᠵᠢᠯᠡᠭᠡ ᠤᠰᠤᠨ ᠡᠬᠢ ᠰᠤᠷᠪᠤᠯᠵᠢ ᠶᠢᠨ ᠲᠥᠪ ᠪᠦᠬᠦ ᠣᠷᠣᠨ ᠤ ᠤᠰᠤᠨ ᠰᠢᠨᠵᠢᠯᠡᠭᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/14
   3 ᠳ᠋ᠤᠭᠠᠷ ᠰᠠᠷ᠎ᠠ ᠶᠢᠨ 13 ᠤ ᠡᠳᠦᠷ ᠤᠰᠤᠨ ᠰᠢᠨᠵᠢᠯᠡᠭᠡ ᠤᠰᠤᠨ ᠤ ᠡᠬᠢ ᠪᠠᠶᠠᠯᠢᠭ ᠤᠨ ᠲᠥᠪ ᠪᠥᠬᠦ ᠣᠷᠣᠨ ᠤ ᠤᠰᠤᠨ ᠰᠢᠨᠵᠢᠯᠡᠭᠡᠨ ᠤ ᠠᠶᠤᠯᠭᠦᠢ ᠦᠶᠯᠡᠳᠪᠦᠷᠢᠯᠡᠯ ᠤᠨ ᠠᠵᠢᠯ ᠤᠨ ᠲᠧᠯᠸᠢᠰ ᠤᠳᠠᠰᠦ ︵ᠸᠢᠳᠢᠤ᠋︶ ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠤᠰᠤᠨ ᠠᠰᠢᠭᠯᠠᠯᠲᠠ ᠶᠢᠨ ᠲᠢᠩᠬᠢᠮ ᠤᠨ ᠠᠶᠤᠯᠭᠦᠢ ᠦᠶᠯᠡᠳᠪᠦᠷᠢᠯᠡᠯ ᠤᠨ ᠠᠵᠢᠯ  ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠣᠷᠣᠨ ᠤ ᠤᠰᠤᠨ ᠰᠢᠨᠵᠢᠯᠡᠭᠡᠨ ᠤ ᠠᠶᠤᠯᠭᠦᠢ ᠦᠶᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ᠃ ᠨᠠᠮ ᠤᠨ ᠲᠦᠪ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠨᠥᠬᠦᠷ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
3-14-宣传-1.jpg
   ᠬᠤᠷᠠᠯ ᠠᠴᠠ᠂ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠬᠢᠨ ᠪᠠᠶᠢᠳᠠᠯ ᠢ ᠲᠣᠳᠣᠷᠬᠠᠢ     ᠲᠠᠨᠢᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠠᠲᠤ ᠴᠢᠩᠭ᠎ᠠ ᠤᠯᠤᠰ ᠲᠦᠷᠦ ᠶᠢᠨ ᠡᠭᠦᠷᠭᠡᠯᠡᠯ ᠢᠶᠠᠷ ᠤᠰᠤᠨ ᠰᠢᠨᠵᠢᠯᠡᠭᠡᠨ ᠤ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ︽ᠴᠠᠭ ᠢᠮᠠᠭᠲᠠ ᠰᠠᠨᠠᠭ᠎ᠠ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ︽ᠠᠮᠤᠷ ᠲᠦᠪᠰᠢᠨ ᠤ ᠬᠥᠪᠴᠢ︾ ᠶᠢ ᠴᠢᠩᠭ᠎ᠠ ᠠᠳᠬᠤᠵᠤ᠂ ︽ᠬᠠᠷᠢᠭᠤᠴᠠᠯᠭ᠎ᠠ ᠶᠢᠨ ᠬᠡᠯᠬᠢᠶ᠎ᠡ︾ ᠶᠢ ᠴᠢᠩᠭ᠎ᠠ ᠴᠢᠩᠭᠠᠯᠠᠬᠤ ᠬᠡᠷᠡᠭᠲᠡᠢ︔ ᠭᠦᠨ ᠨᠦᠬᠡᠨ ᠳᠤ ᠤᠷᠤᠭᠰᠠᠨ ᠮᠡᠲᠦ᠂ ᠨᠢᠮᠭᠡᠨ ᠮᠦᠰᠦᠨ ᠳᠡᠭᠡᠷ᠎ᠡ ᠭᠢᠰᠭᠢᠬᠦ ᠮᠡᠲᠦ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠬᠤ ᠬᠡᠷᠡᠭᠲᠡᠢ᠃ ᠪᠣᠭᠤᠮᠲᠠ ᠠᠴᠠ ᠡᠮᠦᠨ᠎ᠡ ᠰᠢᠯᠵᠢᠵᠦ᠂ ᠠᠮᠤᠷ ᠲᠦᠪᠰᠢᠨ ᠤ ᠵᠥᠪᠰᠢᠶᠡᠷᠡᠯ ᠤᠨ ᠪᠣᠭᠤᠮᠲᠠ ᠶᠢ ᠰᠠᠶᠢᠲᠤᠷ ᠰᠠᠬᠢᠵᠤ᠂ ᠤᠰᠤᠨ ᠰᠢᠨᠵᠢᠯᠡᠭᠡᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ᠂ ᠤᠰᠤᠨ ᠰᠢᠨᠵᠢᠯᠡᠭᠡᠨ ᠤ ᠬᠡᠮᠵᠢᠯᠲᠡ ᠶᠢᠨ ᠦᠷᠲᠡᠭᠡᠨ ᠤ ᠠᠮᠤᠷ ᠲᠦᠪᠰᠢᠨ᠂ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ᠂ ᠲᠡᠷᠭᠡ ᠬᠥᠰᠬᠡ ᠶᠢᠨ ᠠᠮᠤᠷ ᠲᠦᠪᠰᠢᠨ ᠵᠡᠷᠭᠡ ᠭᠤᠤᠯᠳᠠᠯᠭ᠎ᠠ ᠶᠢᠨ ᠲᠣᠭᠤᠷᠢᠨ ᠳᠤ ︽ᠴᠠᠭ ᠢᠮᠠᠭᠲᠠ ᠳᠠᠯᠳᠠ ᠬᠡᠮ ᠢ ᠪᠠᠶᠢᠴᠠᠭᠠᠵᠤ᠂ ᠥᠴᠦᠬᠡᠨ ᠴᠦ ᠨᠠᠶᠢᠷ ᠲᠠᠯᠪᠢᠬᠤ ᠦᠭᠡᠢ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ︾ ᠪᠠᠷ ᠭᠤᠤᠯᠳᠠᠭᠤᠯᠵᠤ᠂ ᠤᠰᠤᠨ ᠰᠢᠨᠵᠢᠯᠡᠭᠡᠨ ᠤ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠪᠣᠯᠤᠨ ᠵᠠᠩᠭᠢᠯᠠᠭ᠎ᠠ ᠶᠢᠨ ᠬᠡᠰᠡᠭ ᠤᠨ ᠲᠤᠬᠠᠢ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ︽ᠡᠷᠬᠢᠨ ᠬᠠᠷᠠᠬᠤ︾᠂ ︽ᠴᠢᠩᠭᠠᠳᠬᠠᠬᠤ ᠲᠠᠷᠢᠯᠭ᠎ᠠ︾᠂ ︽ᠣᠨᠴᠠᠭᠠᠢ ᠬᠠᠷᠠᠭᠠᠯᠵᠠᠯ ᠦᠵᠡᠭᠦᠯᠬᠦ︾ ᠵᠡᠷᠭᠡ ᠠᠷᠭ᠎ᠠ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠦᠬᠦ ᠣᠷᠣᠨ ᠤ ᠤᠰᠤᠨ ᠰᠢᠨᠵᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
3-14-宣传-2.jpg
   ᠤᠰᠤᠨ ᠰᠢᠨᠵᠢᠯᠡᠭᠡ ᠤᠰᠤᠨ ᠡᠬᠢ ᠰᠤᠷᠪᠤᠯᠵᠢ ᠶᠢᠨ ᠲᠥᠪ ᠤᠨ ᠪᠦᠬᠦ ᠺᠠᠳ᠋ᠷ ᠠᠵᠢᠯᠳᠠᠨ ᠭᠤᠣᠯ ᠬᠤᠷᠠᠯ ᠤᠨ ᠲᠠᠯᠠᠪᠠᠢ ᠳᠤ᠂ ᠡᠯ᠎ᠡ ᠤᠰᠤᠨ ᠰᠢᠨᠵᠢᠯᠡᠭᠡ ᠤᠰᠤᠨ ᠡᠬᠢ ᠰᠤᠷᠪᠤᠯᠵᠢ ᠶᠢᠨ ᠬᠤᠪᠢᠶᠠᠷᠢ ᠲᠦᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠤᠭᠴᠤᠭ᠎ᠠ ᠶᠢᠨ ᠺᠠᠳ᠋ᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃  
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡ ᠤᠰᠤᠨ ᠡᠬᠢ ᠰᠤᠷᠪᠤᠯᠵᠢ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号