ᠠᠷᠠᠳ ᠤᠨ ᠰᠦᠯᠵᠢᠶ᠎ᠡ ᠶᠢᠨ ᠪᠡᠭᠡᠵᠢᠩ ᠤᠨ 3 ᠳ᠋ᠤᠭᠠᠷ ᠰᠠᠷ᠎ᠠ ᠶᠢᠨ 10 ᠤ ᠴᠠᠬᠢᠯᠭᠠᠨ ᠮᠡᠳᠡᠭᠡ ︵ᠡᠸᠤ | ᠶᠠᠩ ᠢ ᠵᠢᠶᠠ︶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ᠂ 3 ᠳ᠋ᠤᠭᠠᠷ ᠰᠠᠷ᠎ᠠ ᠶᠢᠨ 10 | ᠤ ᠡᠳᠦᠷ ᠠᠭᠠᠷ ᠤᠨ ᠳᠤᠯᠠᠭᠠᠨ ᠦᠳᠲᠡᠷ ᠲᠦᠷᠭᠡᠨ ᠳᠡᠭᠡᠭᠰᠢᠯᠡᠭᠰᠡᠨ ᠤ ᠨᠥᠯᠥᠭᠡ ᠪᠠᠷ ᠬᠠᠲᠤᠨ ᠭᠤᠤᠯ ᠤᠨ ᠥᠪᠥᠷ | ᠮᠣᠩᠭᠤᠯ ᠤᠨ ᠪᠠᠶᠠᠨᠨᠠᠭᠤᠷ ᠬᠤᠲᠠ ᠶᠢᠨ ᠰᠠᠨ ᠬᠤ᠋ ᠡᠾᠧ ᠭᠤᠤᠯ ᠤᠨ ᠠᠳᠠᠭ ᠤᠨ ᠤᠰᠤᠨ ᠵᠦᠢ ᠶᠢᠨ ᠬᠡᠰᠡᠭ | ᠭᠡᠰᠴᠦ᠂ ᠭᠤᠤᠯ ᠭᠡᠰᠦᠭᠰᠡᠨ ᠡᠳᠦᠷ ᠬᠤᠭᠤᠴᠠᠭ᠎ᠠ ᠨᠢ ᠡᠩ ᠤᠨ ᠵᠢᠯ ᠤᠨ ᠬᠢ ᠠᠴᠠ 11 ᠡᠳᠦᠷ ᠡᠷᠲᠡ ᠪᠣᠯᠪᠠ︔ | ᠣᠳᠣᠬᠠᠨ ᠳᠤ ᠬᠠᠲᠤᠨ ᠭᠤᠤᠯ ᠨᠢᠭᠡᠨᠲᠡ 794 ᠺᠢᠯᠣᠮᠧᠲᠷ ᠭᠡᠰᠴᠦ᠂ ᠦᠯᠡᠳᠡᠵᠦ ᠪᠠᠶᠢᠭ᠎ᠠ ᠬᠦᠯᠳᠡᠭᠦᠦ | ᠬᠡᠰᠡᠭ ᠤᠨ ᠣᠷᠳᠣ ᠨᠢ 192 ᠺᠢᠯᠣᠮᠧᠲᠷ ᠪᠣᠯᠵᠠᠶ᠃ ᠵᠢᠱᠢᠯᠲᠡ ᠶᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ | ᠳᠤ ᠠᠭᠠᠷ ᠤᠨ ᠳᠤᠯᠠᠭᠠᠨ ᠪᠠᠭ᠋ᠠᠨ ᠥᠨᠳᠥᠷ ᠪᠠᠶᠢᠭᠰᠠᠨ ᠤ ᠨᠥᠯᠥᠭᠡ ᠪᠠᠷ ᠬᠠᠲᠤᠨ ᠭᠤᠤᠯ ᠤᠨ ᠥᠪᠥᠷ ᠮᠣᠩᠭᠤᠯ | ᠤᠨ ᠬᠡᠰᠡᠭ3 ᠳ᠋ᠤᠭᠠᠷ ᠰᠠᠷ᠎ᠠ ᠶᠢᠨ 15 ᠤ ᠤᠷᠢᠳ ᠬᠤᠵᠢᠳ ᠢᠶᠠᠷ ᠪᠥᠬᠦ ᠱᠤᠭᠤᠮ ᠢᠶᠠᠷ ᠢᠶᠠᠨ ᠨᠡᠪᠲᠡᠷᠡᠪᠡ᠂ ᠲᠡᠷᠡ | ᠦᠶ᠎ᠡ ᠳᠤ ᠬᠠᠲᠤᠨ ᠭᠤᠤᠯ ᠤᠨ ᠪᠥᠬᠦ ᠱᠤᠭᠤᠮ ᠭᠡᠰᠴᠦ᠂ ᠡᠩ ᠤᠨ ᠵᠢᠯ ᠤᠨ ᠬᠢ ᠠᠴᠠ 10 ᠡᠳᠦᠷ ᠣᠷᠴᠢᠮ | ᠡᠷᠲᠡ ᠪᠣᠯᠬᠤ ᠪᠣᠯᠤᠨ᠎ᠠ᠃ | ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ ᠶᠢᠨ ᠶᠠᠮᠤᠨ ᠬᠠᠲᠤᠨ ᠭᠤᠤᠯ ᠤᠨ ᠬᠠᠯᠢᠶ᠎ᠠ ᠶᠢᠨ ᠪᠠᠶᠢᠳᠠᠯ ᠢ | ᠨᠢᠭᠲᠠ ᠠᠩᠬᠠᠷᠴᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ | ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ | ᠭᠦᠸᠧ ᠶᠢᠩ ᠣᠯᠠᠨ ᠤᠳᠠᠭ᠎ᠠ ᠲᠤᠰᠬᠠᠶ ᠰᠡᠳᠦᠪ ᠢᠶᠠᠷ ᠵᠦᠪᠳᠡᠯᠴᠡᠨ ᠶᠠᠷᠢᠯᠴᠠᠵᠦ᠂ ᠬᠠᠯᠢᠶ᠎ᠠ ᠶᠢ ᠰᠡᠷᠭᠡᠶᠢᠯᠡᠬᠦ ᠠᠵᠢᠯ | ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠶ | ᠫᠢᠩ 2 ᠳ᠋ᠤᠭᠠᠷ ᠰᠠᠷ᠎ᠠ ᠶᠢᠨ ᠡᠬᠢ ᠪᠠᠷ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ | ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ᠂ ᠬᠠᠲᠤᠨ ᠭᠤᠣᠯ ᠤᠨ ᠬᠠᠯᠢᠶ᠎ᠠ ᠦᠶᠡᠷ ᠤᠨ | ᠰᠡᠷᠭᠡᠶᠢᠯᠡᠯᠲᠡ ᠶᠢᠨ ᠠᠵᠢᠯ ᠢ ᠪᠠᠶᠢᠴᠠᠭᠠᠨ ᠵᠢᠯᠣᠭᠤᠳᠪᠠ᠃ ᠤᠰᠤᠨ ᠠᠰᠢᠭᠯᠠᠯᠲᠠ ᠶᠢᠨ ᠶᠠᠮᠤᠨ ᠪᠤᠯᠤᠨ ᠬᠠᠲᠤᠨ | ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠬᠢᠨ ᠬᠠᠯᠢᠶ᠎ᠠ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ | ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ᠬᠠᠯᠢᠶ᠎ᠠ ᠶᠢᠨ ᠪᠠᠶᠢᠳᠠᠯ ᠤᠨ ᠲᠤᠬᠠᠢ ᠵᠦᠪᠳᠡᠯᠴᠡᠭᠡ ᠮᠠᠭᠠᠳᠯᠠᠯᠲᠠ ᠪᠠᠨ | ᠴᠢᠩᠭᠠᠳᠬᠠᠵᠤ᠂ ᠬᠤᠯᠪᠣᠭᠳᠠᠯ ᠪᠥᠬᠦᠶ ᠮᠤᠵᠢ ᠣᠷᠣᠨ ᠪᠤᠯᠤᠨ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ | ᠰᠡᠷᠡᠮᠵᠢᠯᠡᠭᠦᠯᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠪᠠᠷᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ | ᠬᠠᠮᠠᠭᠠᠯᠠᠬᠤ ᠪᠠ ᠭᠤᠣᠯ ᠤᠨ ᠲᠠᠩ ᠠᠴᠠ ᠨᠡᠭᠦᠯᠭᠡᠨ ᠲᠥᠪᠬᠢᠨᠡᠭᠦᠯᠬᠦ ᠪᠡᠯᠡᠳᠬᠡᠯ ᠵᠡᠷᠭᠡ ᠠᠵᠢᠯ ᠢ ᠤᠯᠠᠮ ᠨᠢᠭᠡ | ᠠᠯᠬᠤᠮ ᠨᠠᠷᠢᠯᠢᠬᠵᠢᠭᠤᠯᠤᠨ ᠪᠤᠲᠠᠲᠠᠶᠢᠵᠢᠭᠤᠯᠵᠦ ᠪᠤᠢ᠃ ᠭᠤᠤᠯ ᠭᠡᠰᠬᠦ ᠬᠤᠭᠤᠴᠠᠭᠠᠨ ᠤ ᠲᠦᠭᠰᠢᠭᠦᠷᠢ ᠶᠢᠨ ᠳᠠᠯᠳᠠ | ᠭᠡᠮ ᠤᠨ ᠴᠢᠭ ᠵᠢᠴᠢ ᠰᠡᠷᠭᠡᠶᠢᠯᠡᠬᠦ ᠠᠵᠢᠯ ᠤᠨ ᠳᠠᠩᠰᠠ ᠪᠠᠶᠢᠭᠤᠯᠵᠤ᠂ ᠠᠵᠢᠯ ᠤᠨ ᠠᠬᠢᠴᠠ ᠶᠢ ᠮᠥᠷᠳᠡᠨ | ᠡᠵᠡᠮᠰᠢᠨ᠎ᠡ᠃ ᠬᠠᠯᠢᠶ᠎ᠠ ᠶᠢ ᠰᠡᠷᠭᠡᠶᠢᠯᠡᠬᠦ ᠭᠤᠤᠯᠯᠠᠭᠴᠢ ᠤᠰᠤᠨ ᠴᠥᠭᠦᠷᠥᠮ ᠢ ᠰᠢᠨᠵᠢᠯᠡᠬᠦ ᠤᠬᠠᠭᠠᠨᠴᠢ ᠪᠠᠷ ᠨᠠᠷᠢᠯᠢᠭ | ᠲᠣᠬᠢᠷᠠᠭᠤᠯᠵᠤ᠂ ᠯᠢᠦ ᠵᠢᠶᠠ ᠰᠢᠶᠠ ᠤᠰᠤᠨ ᠴᠥᠭᠦᠷᠥᠮ ᠤᠨ ᠤᠰᠤ ᠭᠠᠷᠭᠠᠬᠤᠤᠷᠤᠰᠬᠠᠯ ᠤᠨ ᠬᠡᠮᠵᠢᠶ᠎ᠡ ᠶᠢ | ᠤᠷᠢᠳᠴᠢᠯᠠᠨ ᠪᠠᠭᠠᠰᠬᠠᠵᠤ᠂ ᠬᠠᠶᠢᠷᠤᠪ ᠤᠨ ᠲᠣᠬᠤᠶ᠂ ᠸᠠᠨ ᠵᠢᠶᠠ ᠵᠠᠶ ᠤᠰᠤᠨ ᠴᠥᠭᠦᠷᠥᠮ ᠤᠨ ᠤᠰᠤᠨ | ᠲᠦᠪᠰᠢᠨ ᠢ ᠪᠠᠭᠤᠷᠠᠭᠤᠯᠵᠤ᠂ ᠥᠪᠥᠷ ᠮᠣᠩᠭᠤᠯ ᠤᠨ ᠬᠠᠳᠤᠨ ᠭᠤᠤᠯ ᠤᠨ ᠬᠡᠰᠡᠭ ᠲᠣᠭᠲᠠᠭᠤᠨ ᠢᠶᠠᠷ ᠭᠡᠰᠬᠦ ᠳᠤ | ᠠᠰᠢᠭᠲᠠᠶ ᠨᠥᠬᠦᠴᠡᠯ ᠢ ᠪᠦᠷᠢᠯᠳᠦᠭᠦᠯᠵᠦ ᠥᠭᠭᠦᠨ᠎ᠡ︔ ᠥᠪᠥᠷ ᠮᠣᠩᠭᠤᠯ ᠤᠨ ᠤᠯᠠᠭᠠᠨᠪᠤᠬ᠎ᠠ ᠵᠡᠷᠭᠡ ᠪᠠᠴᠢᠮ | ᠪᠠᠶᠢᠳᠠᠯ ᠢ ᠠᠷᠭᠠᠴᠠᠭᠠᠬᠤ ᠦᠶᠡᠷ ᠰᠠᠯᠭᠠᠬᠤ ᠣᠷᠣᠨ ᠤ ᠬᠠᠯᠢᠶ᠎ᠠ ᠶᠢᠨ ᠤᠰᠤ ᠶᠢ ᠬᠤᠪᠢᠶᠠᠷᠢᠯᠠᠵᠤ᠂ ᠨᠢᠭᠡᠨᠲᠡ 1. | 67 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠠᠯᠭᠠᠵᠦ᠂ ᠬᠠᠯᠢᠶ᠎ᠠ ᠰᠡᠷᠭᠡᠶᠢᠯᠡᠬᠦ ᠳᠠᠷᠤᠯᠲᠠ ᠶᠢ ᠪᠦᠲᠦᠮᠵᠢᠲᠡᠢ | ᠬᠦᠩᠭᠡᠷᠡᠭᠦᠯᠦᠨ᠂ ᠬᠠᠯᠢᠶ᠎ᠠ ᠦᠶᠡᠷ ᠤᠨ ᠲᠦᠭᠰᠢᠭᠦᠷᠢ ᠶᠢ ᠪᠠᠭᠠᠰᠬᠠᠪᠠ᠃ ᠣᠯᠠᠨ ᠤᠳᠠᠭ᠎ᠠ ᠠᠵᠢᠯᠯᠠᠬᠤ ᠳᠤᠭᠤᠶᠢᠯᠠᠩ | ᠲᠣᠮᠢᠯᠠᠵᠤ ᠥᠪᠥᠷ ᠮᠣᠩᠭᠤᠯ ᠬᠠᠲᠤᠨ ᠭᠤᠤᠯ ᠤᠨ ᠬᠡᠰᠡᠭ ᠤᠨ ᠲᠤᠬᠠᠶ ᠶᠢᠨ ᠳᠠᠯᠠᠪᠤᠷ ᠲᠤ ᠬᠦᠷᠴᠦ ᠭᠤᠤᠯ ᠭᠡᠰᠬᠦ | ᠬᠤᠭᠤᠴᠠᠭᠠᠨ ᠤ ᠬᠠᠯᠢᠶ᠎ᠠ ᠶᠢ ᠰᠡᠷᠭᠡᠶᠢᠯᠡᠬᠦ ᠠᠵᠢᠯ ᠢ ᠱᠠᠯᠠᠪᠳᠠᠨ ᠵᠢᠯᠤᠭᠤᠳᠤᠭᠰᠠᠨ ᠪᠠᠶᠢᠨ᠎ᠠ᠃ | ᠣᠳᠣᠬᠠᠨ ᠳᠤ ᠬᠠᠲᠤᠨ ᠭᠤᠣᠯ ᠤᠨ ᠬᠠᠯᠢᠶ᠎ᠠ ᠶᠢᠨ ᠪᠠᠶᠢᠳᠠᠯ ᠲᠣᠭᠲᠠᠭᠤᠨ ᠪᠠᠶᠢᠨ᠎ᠠ᠃ ᠲᠠᠨᠢᠯᠴᠠᠭᠤᠯᠤᠭᠰᠠᠨ | ᠢᠶᠠᠷ ᠲᠠᠷᠠᠭᠠᠴᠢ ᠶᠢᠨ ᠠᠯᠬᠤᠮ ᠳᠤ ᠤᠰᠤᠨ ᠠᠰᠢᠭᠯᠠᠯᠲᠠ ᠶᠢᠨ ᠶᠠᠮᠤᠨ ᠬᠠᠲᠤᠨ ᠭᠤᠤᠯ ᠤᠨ ᠥᠪᠥᠷ ᠮᠣᠩᠭᠤᠯ ᠤᠨ | ᠬᠡᠰᠡᠭ ᠤᠨ ᠠᠭᠠᠷ ᠤᠨ ᠳᠤᠯᠠᠭᠠᠨ᠂ ᠬᠠᠯᠢᠶ᠎ᠠ ᠶᠢᠨ ᠪᠠᠶᠢᠳᠠᠯ ᠪᠠ ᠭᠤᠤᠯ ᠭᠡᠰᠦᠭᠰᠡᠨ ᠪᠠᠶᠢᠳᠠᠯ ᠢ ᠦᠷᠭᠦᠯᠵᠢᠯᠡᠨ | ᠴᠢᠩᠭ᠎ᠠ ᠠᠩᠬᠠᠷᠴᠤ᠂ ᠯᠢᠦ ᠵᠢᠶᠠ ᠰᠢᠶᠠ᠂ ᠬᠠᠶᠢᠷᠤᠪ ᠤᠨ ᠲᠣᠬᠤᠶ᠂ ᠸᠠᠨ ᠵᠢᠶᠠ ᠵᠠᠶ ᠵᠡᠷᠭᠡ ᠭᠤᠤᠯᠳᠠᠯᠭ᠎ᠠ ᠲᠠᠢ | ᠤᠰᠤᠨ ᠴᠥᠭᠦᠷᠥᠮ ᠢ ᠴᠠᠭ ᠲᠤᠬᠠᠶ ᠳᠤᠨᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠦᠶᠡᠷ ᠰᠠᠯᠭᠠᠬᠤ | ᠣᠷᠣᠨ ᠤ ᠬᠡᠷᠡᠭᠯᠡᠭᠡ ᠶᠢ ᠴᠢᠩᠭᠠᠳᠬᠠᠵᠤ᠂ ᠬᠤᠯᠪᠣᠭᠳᠠᠯ ᠪᠥᠬᠦᠶ ᠭᠠᠵᠠᠷ ᠣᠷᠣᠨ ᠢ ᠵᠢᠯᠣᠭᠤᠳᠤᠨ ᠪᠠᠷᠢᠯᠭ᠎ᠠ ᠶᠢ | ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠭᠤᠣᠯ ᠤᠨ ᠲᠠᠩ ᠤᠨ ᠣᠷᠴᠢᠨ | ᠲᠤᠭᠤᠷᠢᠨ ᠤ ᠬᠥᠮᠦᠰ ᠢ ᠰᠢᠯᠵᠢᠭᠦᠯᠦᠨ ᠲᠥᠪᠬᠢᠨᠡᠭᠦᠯᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠬᠠᠲᠤᠨ | ᠭᠤᠤᠯ ᠤᠨ ᠬᠠᠯᠢᠶ᠎ᠠ ᠶᠢᠨ ᠠᠮᠤᠷ ᠲᠦᠪᠰᠢᠨ ᠢ ᠪᠠᠲᠤᠯᠠᠬᠤ ᠪᠤᠯᠤᠨ᠎ᠠ᠃ | |