ᠰᠢᠨᠬᠤᠸᠠ ᠬᠤᠷᠢᠶ᠎ᠠ᠄ ᠬᠠᠳᠤᠨ ᠭᠤᠣᠯ ᠤᠨ ᠭᠡᠰᠬᠦ ᠬᠤᠷᠳᠤᠴᠠ ᠲᠦᠷᠭᠡᠰᠴᠦ᠂ ᠤᠢᠢᠷ᠎ᠠ ᠶᠢᠨ ᠬᠤᠭᠤᠴᠠᠭᠠᠨ ᠳᠤ ᠪᠦᠬᠦ ᠱᠤᠭᠤᠮ ᠢᠶᠠᠷ ᠢᠶᠠᠨ ᠭᠤᠣᠯ ᠭᠡᠰᠦᠨ᠎ᠡ
ᠨᠡᠶᠢᠲᠡᠯᠡᠭᠰᠡᠨ ᠴᠠᠭ᠄
2023/3/14
  ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 10 ᠤ ᠴᠠᠬᠢᠯᠭᠠᠨ ᠮᠡᠳᠡᠭᠡ  ᠤᠰᠤᠨ ᠠᠰᠢᠭᠯᠠᠯᠲᠠ ᠶᠢᠨ ᠶᠠᠮᠤᠨ 10 ᠤ ᠡᠳᠦᠷ ᠦᠶᠡᠷ ᠤᠨ ᠪᠠᠶᠢᠳᠠᠯ ᠤᠨ ᠲᠤᠬᠠᠶ ᠮᠡᠳᠡᠭᠡᠯᠡᠯ      ᠨᠡᠶᠢᠲᠡᠯᠡᠵᠦ᠂ ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠪᠠᠭ᠋ᠠᠨ ᠥᠨᠳᠥᠷ ᠪᠠᠶᠢᠭᠰᠠᠨ ᠤ ᠨᠥᠯᠥᠭᠡ  ᠪᠠᠷ ᠬᠠᠲᠤᠨ ᠭᠤᠤᠯ ᠤᠨ ᠭᠡᠰᠬᠦ ᠬᠤᠷᠳᠤᠴᠠ ᠲᠦᠷᠭᠡᠰᠴᠦ᠂ ᠨᠢᠭᠡᠨᠲᠡ 794 ᠺᠢᠯᠣᠮᠧᠲᠷ ᠭᠡᠰᠴᠡᠶ᠃ ᠵᠢᠱᠢᠭᠰᠡᠨ ᠢᠶᠠᠷ᠂ ᠬᠠᠷᠠᠬᠠᠨ ᠭᠡᠰᠦᠭᠡᠳᠦᠢ192 ᠺᠢᠯᠣᠮᠧᠲᠷ ᠤᠨ ᠥᠪᠥᠷ ᠮᠣᠩᠭᠤᠯ ᠤᠨ ᠬᠡᠰᠡᠭ ᠢ 3 ᠳ᠋ᠤᠭᠠᠷ ᠰᠠᠷ᠎ᠠ  ᠶᠢᠨ 15 ᠤ ᠤᠷᠢᠳ ᠬᠤᠵᠢᠳ ᠢᠶᠠᠷ ᠨᠡᠪᠲᠡᠷᠡᠭᠦᠯᠬᠦ ᠪᠠ ᠲᠡᠷᠡ ᠦᠶ᠎ᠡ ᠳᠤ ᠬᠠᠲᠤᠨ ᠭᠤᠤᠯ ᠪᠥᠬᠦ ᠱᠤᠭᠤᠮ  ᠢᠶᠠᠷ ᠢᠶᠠᠨ ᠭᠡᠰᠬᠦ ᠪᠣᠯᠤᠨ᠎ᠠ᠃  ᠣᠳᠣᠬᠠᠨ ᠳᠤ ᠬᠠᠲᠤᠨ ᠭᠤᠣᠯ ᠤᠨ ᠬᠠᠯᠢᠶ᠎ᠠ ᠶᠢᠨ ᠪᠠᠶᠢᠳᠠᠯ ᠲᠣᠭᠲᠠᠭᠤᠨ ᠪᠠᠶᠢᠨ᠎ᠠ᠃ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠨᠢ ᠬᠡᠷᠪᠡ 3 ᠳ᠋ᠤᠭᠠᠷ ᠰᠠᠷ᠎ᠠ ᠶᠢᠨ 15 ᠤ ᠤᠷᠢᠳ ᠬᠤᠵᠢᠳ ᠢᠶᠠᠷ ᠨᠡᠪᠲᠡᠷᠡᠬᠦ ᠳᠤ ᠬᠦᠷᠪᠡᠯ᠂ ᠬᠠᠲᠤᠨ ᠭᠤᠤᠯ ᠤᠨ ᠪᠥᠬᠦ ᠱᠤᠭᠤᠮ  ᠤᠨ ᠭᠤᠣᠯ ᠭᠡᠰᠬᠦ ᠬᠤᠭᠤᠴᠠᠭ᠎ᠠ ᠨᠢ ᠡᠩ ᠤᠨ ᠵᠢᠯ ᠤᠨ ᠬᠢ  ᠠᠴᠠ 10 ᠡᠳᠦᠷ ᠣᠷᠴᠢᠮ ᠡᠷᠲᠡ ᠪᠣᠯᠤᠨ᠎ᠠ᠃  ᠤᠰᠤᠨ ᠠᠰᠢᠭᠯᠠᠯᠲᠠ ᠶᠢᠨ ᠶᠠᠮᠤᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ ᠲᠠᠷᠠᠭᠠᠴᠢ ᠶᠢᠨ ᠠᠯᠬᠤᠮ ᠳᠤ ᠤᠰᠤᠨ ᠠᠰᠢᠭᠯᠠᠯᠲᠠ ᠶᠢᠨ ᠶᠠᠮᠤᠨ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠠᠭᠠᠷ ᠤᠨ ᠳᠤᠯᠠᠭᠠᠨ᠂ ᠬᠠᠯᠢᠶ᠎ᠠ ᠶᠢᠨ ᠪᠠᠶᠢᠳᠠᠯ ᠪᠠ ᠭᠤᠤᠯ ᠭᠡᠰᠬᠦ ᠪᠠᠶᠢᠳᠠᠯ ᠢ ᠨᠢᠭᠲᠠ ᠠᠩᠬᠠᠷᠴᠤ᠂ ᠯᠢᠦ ᠵᠢᠶᠠ ᠰᠢᠶᠠ᠂ ᠬᠠᠶᠢᠷᠤᠪ ᠤᠨ ᠲᠣᠬᠤᠶ᠂ ᠸᠠᠨ ᠵᠢᠶᠠ ᠵᠠᠶ ᠵᠡᠷᠭᠡ ᠭᠤᠤᠯᠳᠠᠯᠭ᠎ᠠ ᠲᠠᠢ ᠤᠰᠤᠨ ᠴᠥᠭᠦᠷᠥᠮ ᠢ ᠴᠠᠭ ᠲᠤᠬᠠᠶ ᠳᠤᠨᠢ ᠳᠣᠭᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ‌ᠦᠶᠡᠷ ᠰᠠᠯᠭᠠᠬᠤ ᠣᠷᠣᠨ ᠤ ᠬᠡᠷᠡᠭᠯᠡᠭᠡ ᠶᠢ ᠴᠢᠩᠭᠠᠳᠬᠠᠨ ᠬᠠᠮᠢᠶ᠎ᠠ ᠪᠥᠬᠦᠶ ᠭᠠᠵᠠᠷ ᠣᠷᠣᠨ ᠢ ᠵᠢᠯᠣᠭᠤᠳᠴᠤ ᠪᠠᠶᠢᠭᠠᠳ ᠪᠠᠷᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠠᠵᠢᠯ ᠢ ᠡᠷᠴᠢᠮᠵᠢᠭᠦᠯᠦᠨ ᠴᠢᠩᠭᠠᠳᠬᠠᠵᠤ᠂ ᠬᠠᠲᠤᠨ ᠭᠤᠤᠯ ᠤᠨ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠭᠡᠵᠡᠶ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号