ᠱᠧᠩ ᠰᠢᠶᠤᠤ ᠶᠢᠦ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠰᠢᠶᠧ ᠳ᠋ᠦᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/15
  3 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠰᠢᠶᠧ ᠳ᠋ᠦᠩ ᠨᠡᠷ  ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠤᠯᠪᠤᠭᠳᠠᠯ ᠪᠥᠬᠦᠶ ᠲᠥᠷᠥᠯ ᠵᠦᠶᠯ ᠤᠨ ᠬᠠᠮᠲᠤᠷᠠᠯᠴᠠᠭᠠᠨ ᠤ ᠠᠰᠠᠭᠤᠳᠠᠯ ᠤᠨ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠪᠥᠭᠡᠳ ᠬᠥᠬᠡᠬᠤᠲᠠ ᠶᠢᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠰᠥᠩ ᠪᠣᠣ ᠰᠦᠩ ᠨᠡᠷ ᠶᠠᠷᠢᠯᠴᠠᠭᠠᠨ ᠳᠤ ᠣᠷᠣᠯᠴᠠᠪᠠ᠃
谢东1.jpg
  ᠱᠧᠩ ᠰᠢᠶᠤᠤ ᠶᠢᠦ ᠠᠭᠤᠯᠵᠠᠬᠤ ᠦᠶ᠎ᠡ ᠳᠤ ᠪᠠᠨ ᠰᠢᠶᠧ ᠳ᠋ᠦᠩ ᠨᠠᠷ ᠢ ᠪᠠᠶᠠᠷᠯᠠᠨ ᠤᠭᠲᠤᠵᠤ ᠪᠠᠶᠢᠭ᠎ᠠ ᠪᠠᠨ ᠢᠯᠡᠳᠬᠡᠭᠰᠡᠨ ᠪᠥᠭᠡᠳ ᠲᠦᠷᠦᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠠᠷ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃  ᠰᠢᠶᠧ ᠳ᠋ᠦᠩ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠣᠶᠢᠷ᠎ᠠ ᠶᠢᠨ ᠵᠢᠯ ᠳᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠤ ᠰᠢᠯᠢᠳᠡᠭ ᠬᠢᠷᠢ ᠪᠦᠲᠦᠮᠵᠢ ᠤᠯᠤᠭᠰᠠᠨ ᠲᠤᠬᠠᠢ ᠪᠠᠨ ᠲᠠᠨᠢᠯᠴᠠᠭᠤᠯᠵᠦ᠂ ᠢᠷᠡᠭᠡᠳᠦᠶ ᠳᠤ ᠤᠰᠤᠨ ᠠᠰᠢᠭᠯᠠᠯᠲᠠ ᠶᠢᠨ ᠲᠢᠩᠬᠢᠮ  ᠲᠠᠢ ᠡᠯ᠎ᠡ ᠲᠠᠯ᠎ᠠ  ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠡᠶ᠃
谢东2.jpg
  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠥᠯᠥᠪᠯᠡᠭᠡ ᠡᠳ᠋ ᠤᠨ ᠶᠠᠪᠤᠳᠠᠯ  ᠤᠨ ᠭᠠᠵᠠᠷ᠂ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠡᠯᠲᠡᠰ᠂ ᠬᠥᠬᠡᠬᠤᠲᠠ ᠶᠢᠨ ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠭᠠᠨ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号