ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠢᠯᠡ ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2023/3/16
    ︽ᠢᠯᠡ ᠲᠣᠳᠣ᠂ ᠡᠷᠬᠡ ᠲᠡᠭᠰᠢ᠂ ᠲᠥᠪ ᠭᠤᠤᠯᠴᠢ︾ ᠪᠠᠶᠢᠬᠤ ᠵᠠᠷᠴᠢᠮ ᠶᠣᠰᠣᠭᠠᠷ᠂ ᠮᠠᠨ ᠤ ᠲᠥᠪ ᠠᠴᠠ ᠬᠢᠩᠭᠠᠨ ᠤ ᠤᠰᠤᠨ ᠰᠢᠨᠵᠢᠯᠡᠭᠡᠨ ᠤ ᠲᠣᠭᠤᠷᠢᠨ ᠬᠡᠮᠵᠢᠬᠦ ᠰᠠᠭᠤᠷᠢᠨ ᠭᠠᠵᠠᠷ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠢᠯᠡ ᠪᠠᠷ ᠬᠠᠷᠢᠴᠠᠭᠤᠯᠤᠨ ᠰᠣᠩᠭᠤᠵᠤ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠨᠢᠭᠡ᠂ ᠲᠥᠷᠥᠯ ᠵᠦᠶᠯ ᠤᠨ ᠲᠣᠶᠢᠮᠣᠴᠢᠯᠠᠯ  1. ᠲᠥᠷᠥᠯ ᠵᠦᠶᠯ ᠤᠨ ᠨᠡᠷᠡᠶᠢᠳᠦᠯ᠄ ᠬᠢᠩᠭᠠᠨ ᠤ ᠤᠰᠤᠨ ᠰᠢᠨᠵᠢᠯᠡᠭᠡᠨ ‍ᠤ‌‍ᠲ᠋ᠣᠭᠤᠷᠢᠨ ᠬᠡᠮᠵᠢᠬᠦ ᠰᠠᠭᠤᠷᠢᠨ ᠭᠠᠵᠠᠷ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠶᠯ  2. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠨᠢᠭᠡᠨ ᠤᠰᠤᠨ ᠰᠢᠨᠵᠢᠯᠡᠭᠡᠨ ᠤ ᠲᠣᠭᠤᠷᠢᠨ ᠬᠡᠮᠵᠢᠬᠦ ᠰᠠᠭᠤᠷᠢᠨ ᠭᠠᠵᠠᠷ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃  3.ᠪᠡᠯᠡ ᠣᠷᠤᠯᠠᠭᠤᠯᠤᠯᠲᠠ ᠶᠢᠨ ᠪᠠᠶᠢᠳᠠᠯ᠄ ᠶᠡᠷᠦᠩᠬᠡᠢ ᠪᠡᠯᠡ ᠣᠷᠤᠯᠠᠭᠤᠯᠤᠯᠲᠠ784.9 ᠲᠦᠮᠡᠨ     ᠲᠥᠭᠦᠷᠢᠭ᠃  4. ᠪᠡᠶᠡᠯᠡᠭᠦᠯᠬᠦ ᠴᠠᠭ ᠪᠠ ᠭᠠᠵᠠᠷ᠄ 2023 ᠣᠨ᠂ ᠬᠢᠩᠭᠠᠨ ᠠᠶᠢᠮᠠᠭ᠃  5. ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ᠄ ᠥᠪᠥᠷ ᠮᠣᠩᠭᠤᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ   ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠬᠤ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃  2. ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠭᠤᠯᠤᠮᠵᠢ᠂ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ᠂ ᠭᠦᠢᠴᠡᠳ ᠭᠡᠷ᠎ᠡ ᠶᠢ ᠭᠦᠢᠴᠡᠳᠬᠡᠬᠦ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠬᠡᠷᠡᠭᠲᠡᠶ᠃  3.ᠭᠡᠷ᠎ᠡ ᠶᠢ ᠭᠦᠢᠴᠡᠳᠬᠡᠬᠦ ᠲᠤᠰᠬᠠᠢ ᠮᠡᠷᠭᠡᠵᠢᠯ ᠤᠨ ᠲᠥᠬᠦᠭᠡᠷᠡᠮᠵᠢ ᠵᠢᠴᠢ ᠲᠠᠯᠠᠪᠤᠷ ᠤᠨ ᠭᠡᠷᠡᠴᠢ ᠮᠠᠲ᠋ᠧᠷᠢᠶᠠᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃   ᠭᠤᠷᠪᠠ᠂ ᠨᠡᠷ᠎ᠡ ᠮᠡᠳᠡᠭᠦᠯᠬᠦ  ᠳᠤ ᠬᠠᠩᠭᠠᠬᠤ ᠴᠢᠬᠤᠯᠠᠲᠠᠢ ᠮᠠᠲ᠋ᠧᠷᠢᠶᠠᠯ  1.ᠨᠡᠷ᠎ᠡ ᠮᠡᠳᠡᠭᠦᠯᠦᠭᠴᠢ ᠶᠢᠨ ᠪᠡᠶ᠎ᠡ ᠶᠢᠨ ᠦᠨᠡᠮᠯᠡᠯ ᠤᠨ ᠡᠬᠡ᠂ ᠬᠠᠭᠤᠯᠪᠤᠷᠢ ᠮᠠᠲ᠋ᠧᠷᠢᠶᠠᠯ ᠪᠠ ᠬᠠᠷᠢᠯᠴᠠᠬᠤ ᠠᠷᠭ᠎ᠠ ᠪᠠᠨ ᠬᠠᠩᠭᠠᠨ᠎ᠠ᠃  2.ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ᠃  3.ᠤᠯᠤᠰ ᠤᠨ ᠠᠵᠤ ᠦᠶᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠴᠦᠨ ᠲᠠᠢ ᠪᠥᠭᠡᠳ ᠳᠠᠭᠠᠭᠠᠴᠢᠯᠠᠯᠲᠠ ᠬᠦᠯᠢᠶᠡᠭᠰᠡᠨ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ᠃  4. ᠣᠶᠢᠷ᠎ᠠ ᠶᠢᠨ ᠬᠠᠭᠠᠰ ᠵᠢᠯ ᠳᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠭᠤᠷᠪᠠᠨ ᠰᠠᠷ᠎ᠠ ᠳᠠᠷᠠᠭᠠᠯᠠᠨ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ᠂ ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠭᠠᠶᠢᠯᠢ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ ᠬᠠᠩᠭᠠᠨ᠎ᠠ᠃  5. 2022 ᠣᠨ ᠪᠤᠶᠤ 2021 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠠᠴᠠ ᠭᠠᠷᠭᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠠᠴᠠ ᠭᠠᠷᠭᠠᠭᠰᠠᠨ ᠬᠥᠷᠥᠩᠭᠡ ᠢᠲᠡᠭᠡᠮᠵᠢ ᠶᠢᠨ ᠭᠡᠷᠡᠴᠢ ᠶᠢ ᠬᠠᠩᠭᠠᠨ᠎ᠠ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠲᠡᠮᠳᠡᠭᠯᠡᠭᠦᠯᠦᠨ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ  ᠢ ᠬᠠᠩᠭᠠᠬᠤ ᠬᠡᠷᠡᠭᠲᠡᠶ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠶᠢᠨ ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ ᠪᠣᠯᠤᠨ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠵᠢᠷᠤᠭ ᠵᠢᠴᠢ ︽ᠳᠤᠮᠳᠠᠳᠤ ᠤᠯᠤᠰ  ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵www.ccgp.gov.cn︶ ᠶᠢᠨ ᠵᠠᠰᠠᠭ  ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠲᠡᠮᠳᠡᠭᠯᠡᠯ ᠤᠨ ᠵᠢᠷᠤᠭ ᠢ ᠬᠠᠩᠭᠠᠨ᠎ᠠ᠃  8. ᠳᠤᠮᠳᠠᠳᠤ ᠤᠯᠤᠰ ᠤᠨ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ ᠶᠢᠨ ᠨᠡᠷ᠎ᠡ ᠮᠡᠳᠡᠭᠦᠯᠦᠭᠰᠡᠨ ᠵᠢᠷᠤᠭ ᠠᠴᠠ ᠦᠵᠡᠪᠡᠯ ᠣᠶᠢᠷ᠎ᠠ ᠶᠢᠨ ᠭᠤᠷᠪᠠᠨ ᠵᠢᠯ ︵2020 ᠣᠨ ᠤ 1 ᠰᠠᠷ᠎ᠠ ᠶᠢᠨ 1 ᠤ ᠡᠳᠦᠷ ᠠᠴᠠ ᠣᠲᠣ ᠪᠣᠯᠲᠠᠯ᠎ᠠ ᠬᠢ︶ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠬᠢᠭᠰᠡᠨ ᠲᠡᠮᠳᠡᠭᠯᠡᠯ ᠤᠨ ᠵᠢᠷᠤᠭ ᠪᠠᠶᠢᠬᠤ ᠥᠬᠡᠶ᠃   ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠬᠤ ᠪᠠᠶᠢᠭᠤᠯᠤᠮᠵᠢ 2023 ᠣᠨ ᠤ 3 ᠳ᠋ᠤᠭᠠᠷ ᠰᠠᠷ᠎ᠠ ᠶᠢᠨ 21 ᠤ ᠡᠳᠦᠷ ᠠᠴᠠ ᠡᠮᠦᠨ᠎ᠡ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠢᠯᠡᠭᠡᠬᠦ ᠪᠤᠶᠤ ᠲᠤᠬᠠᠢ ᠶᠢᠨ ᠲᠠᠯᠠᠪᠤᠷ ᠲᠤ ᠲᠤᠰᠢᠶᠠᠨ᠎ᠠ᠃  ᠨᠡᠷ᠎ᠡ ᠮᠡᠳᠡᠭᠦᠯᠬᠦ ᠪᠤᠶᠤ ᠮᠠᠲ᠋ᠧᠷᠢᠶᠠᠯ ᠢᠶᠠᠨ ᠢᠯᠡᠭᠡᠬᠦ ᠬᠠᠶ᠋ᠢᠭ᠄ ᠥᠪᠥᠷ ᠮᠣᠩᠭᠤᠯ ᠤᠨ ᠤᠯᠠᠭᠠᠨᠬᠤᠲᠠ ᠶᠢᠨ ᠱᠠᠨ ᠴᠧᠩ ᠵᠠᠮ ᠤᠨ ᠱᠦᠢ ᠸᠧᠨ ᠭᠤᠳᠤᠮᠵᠢ ᠶᠢᠨ 15 ᠳ᠋ᠤᠭᠠᠷ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠢᠩᠭᠠᠨ  ᠳᠠᠬᠢ ᠬᠤᠪᠢᠶᠠᠷᠢ ᠲᠥᠪ  ᠬᠠᠷᠢᠯᠴᠠᠬᠤ ᠬᠥᠮᠦᠨ᠄ ᠰᠢᠣᠢ ᠵᠣᠣ ᠵᠢᠶᠦ᠋ᠨ  ᠬᠠᠷᠢᠯᠴᠠᠬᠤ ᠤᠲᠠᠰᠤ᠄187 0489 1936 
 
ᠢᠷᠡᠯᠲᠡ᠄ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号