ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠤᠨ ᠲᠤᠬᠠᠢ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/16
  3 ᠳ᠋ᠤᠭᠠᠷ ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠥᠬᠡᠬᠤᠲᠠ ᠶᠢᠨ ᠢᠤᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠲᠤ ᠭᠦᠨᠵᠡᠭᠡᠶᠢᠷᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠤᠨ ᠲᠤᠬᠠᠢ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠶᠡᠭᠡ ᠲᠦᠷᠭᠡᠨ ᠭᠤᠤᠯ ᠤᠨ ᠬᠤᠲᠠ ᠲᠣᠭᠤᠷᠢᠭ ᠤᠨ ᠬᠡᠰᠡᠭ ᠤᠨ ᠵᠠᠰᠠᠯᠲᠠ ᠪᠠ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠰᠠᠶᠢᠬᠠᠨ ᠲᠣᠭᠤᠷᠢᠭ ᠤᠨ ᠳ᠋ᠠ ᠢ ᠵᠢᠶᠠᠨ ᠹᠠᠩ ᠲᠣᠰᠬᠤᠨ ᠳᠤ ᠤᠯᠤᠰ ᠤᠨ ᠡᠵᠡᠮᠳᠡᠯ ᠤᠨ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠥᠷᠲᠡᠭᠡ ᠶᠢᠨ ᠭᠠᠵᠠᠷ ᠳᠣᠤᠷᠠᠬᠢ ᠤᠰᠤᠨ ᠤ ᠲᠦᠪᠰᠢᠨ ᠢ ᠬᠢᠨᠠᠨ ᠬᠡᠮᠵᠢᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
治理1.jpg
  ᠱᠧᠩ ᠰᠢᠶᠤᠤ ᠶᠢᠦ ᠴᠢᠬᠤᠯᠠᠴᠢᠯᠠᠬᠤ ᠳᠤ ᠪᠠᠨ᠂ ᠬᠥᠬᠡᠬᠤᠲᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ  ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ  ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠶᠡᠭᠡ ᠲᠦᠷᠭᠡᠨ ᠭᠤᠤᠯ ᠳᠡᠭᠡᠷ᠎ᠡ ᠱᠦᠶᠨᠢ ᠬᠠᠰᠢᠯᠭ᠎ᠠ ᠪᠠᠷᠢᠵᠤ ᠭᠤᠤᠯ ᠤᠨ ᠤᠷᠤᠰᠬᠠᠯ ᠢ ᠲᠠᠰᠤᠯᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠯᠠᠮ ᠲᠦᠷᠭᠡᠳᠬᠡᠵᠦ᠂ ᠶᠡᠭᠡ ᠲᠦᠷᠭᠡᠨ ᠭᠤᠤᠯ ᠤᠨ ᠬᠤᠲᠠ ᠲᠣᠭᠤᠷᠢᠭ ᠤᠨ ᠬᠡᠰᠡᠭ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠤᠨ ᠤᠰᠤᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠢ ᠬᠢᠨᠠᠨ ᠵᠥᠪᠰᠢᠶᠡᠷᠡᠬᠦ ᠠᠵᠢᠯ ᠢ ᠵᠣᠬᠢᠴᠠᠭᠤᠯᠤᠨ ᠠᠬᠢᠭᠤᠯᠵᠤ᠂ ᠨᠤᠮᠧᠷ ᠢ ᠨᠢ ᠡᠷᠲᠡᠬᠡᠨ ᠬᠦᠴᠦᠨ ᠦᠭᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃  ᠱᠧᠩ ᠰᠢᠶᠤᠤ ᠶᠢᠦ ᠵᠢᠭᠠᠬᠤ ᠳᠤ ᠪᠠᠨ᠂ ᠬᠥᠬᠡᠬᠤᠲᠠ ᠶᠢᠨ ᠲᠣᠮᠣ ᠬᠡᠯᠪᠡᠷᠢ ᠶᠢᠨ ᠵᠠᠪᠰᠠᠷ ᠤᠨ ᠭᠦᠢᠬᠡᠨ ᠳᠠᠪᠬᠤᠷᠭ᠎ᠠ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠪᠣᠯ ᠮᠠᠨ ᠤ ᠣᠷᠣᠨ ᠤ ᠲᠣᠮᠣ ᠬᠡᠯᠪᠡᠷᠢ ᠶᠢᠨ ᠬᠡᠲᠦᠷᠡᠲᠡᠯ᠎ᠡ ᠮᠠᠯᠲᠠᠭᠰᠠᠨ ᠭᠤᠷᠪᠠᠨ ᠣᠷᠣᠨ ᠤ ᠨᠢᠭᠡ ᠶᠤᠮ᠂ ᠲᠡᠷᠢᠭᠦᠯᠡᠭᠴᠢ ᠸᠠᠩ ᠯᠢ ᠰᠢᠶᠠ ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠶᠤᠮ᠃ ᠬᠥᠬᠡᠬᠤᠲᠠ ︽ᠳᠥᠷᠪᠡᠨ ᠤᠰᠤ ᠳᠥᠷᠪᠡᠨ ᠲᠣᠭᠲᠠᠭᠠᠯ︾ ᠤᠨ ᠵᠠᠷᠴᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠲᠠᠭᠤ ᠰᠠᠬᠢᠮᠵᠢ ᠶᠢ ᠴᠢᠩᠭᠠᠷᠠᠭᠤᠯᠵᠤ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠴᠢᠮ ᠢ ᠪᠠᠭᠤᠷᠠᠭᠤᠯᠵᠤ᠂ ᠭᠠᠵᠠᠷ ᠳᠣᠤᠷᠠᠬᠢ ᠤᠰᠤ ᠶᠢ ᠲᠠᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ ᠭᠠᠵᠠᠷ ᠳᠣᠤᠷᠠᠬᠢ ᠤᠰᠤ  ᠶᠢ ᠬᠡᠲᠦᠷᠡᠲᠡᠯ᠎ᠡ ᠲᠠᠲᠠᠬᠤ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠬᠦ ᠬᠡᠷᠡᠭᠲᠡᠶ ᠭᠡᠪᠡ᠃  ᠬᠥᠬᠡᠬᠤᠲᠠ ᠶᠢᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠦᠨ ᠰᠢᠨ ᠮᠢᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ᠂ ᠤᠰᠤᠨ ᠠᠰᠢᠭᠯᠠᠯᠲᠠ ᠶᠢᠨ ᠲᠢᠩᠬᠢᠮ ᠤᠨ ᠬᠤᠯᠪᠤᠭᠳᠠᠯ ᠪᠥᠬᠦᠶ ᠭᠠᠵᠠᠷ ᠠᠯᠪᠠᠨ ᠬᠡᠷ᠂ ᠬᠥᠬᠡᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号