ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/3/28
  3 ᠰᠠᠷ᠎ᠠ ᠶᠢᠨ 27  ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠥᠷᠥ ᠶᠢᠨ ᠨᠠᠮ ᠤᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ ᠂ ︽ ᠦᠨᠡᠨ ︾ ᠰᠡᠳᠬᠦᠯ ᠳᠤ ᠨᠡᠶᠢᠲᠡᠯᠡᠭᠰᠡᠨ ︽ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠶ᠎ᠠ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠢ ᠰᠤᠳᠤᠯᠵᠤ ᠂ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃  ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠵᠤᠷᠢᠯᠳᠠᠳᠤ ᠶᠠᠷᠢᠶ᠎ᠠ ᠨᠢ ᠳᠡᠯᠡᠬᠡᠢ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠬᠤ ᠳᠤ ᠳᠤᠮᠳᠠᠳᠤ ᠤᠯᠤᠰ ᠤᠨ ᠲᠥᠰᠥᠯ ᠢ ᠬᠠᠩᠭᠠᠪᠠ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠤᠭᠳᠠᠬᠤᠨ ᠪᠣᠯᠣᠨ ᠮᠥᠨ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠲᠥᠪᠯᠡᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠤᠯᠠᠨ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠭᠦ ᠬᠡᠷᠡᠭᠲᠡᠢ ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ ᠂ ᠮᠠᠨ ᠤ ᠣᠷᠣᠨ ᠤ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠃ ︽ ᠭᠠᠵᠠᠷ ᠂ ᠤᠰᠤ ᠂ ᠦᠷ᠎ᠡ ᠪᠠ ᠠᠮᠤ ᠪᠤᠳᠠᠭ᠎ᠠ ᠂ ᠮᠢᠬ᠎ᠠ ᠂ ᠰᠦ ︾ ᠶᠢᠨ ᠠᠵᠢᠯ ᠢ ᠶᠡᠭᠡ ᠬᠦᠴᠦ ᠣᠷᠣᠭᠤᠯᠤᠨ ᠰᠠᠶᠢᠲᠤᠷ ᠬᠢᠵᠦ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠵᠣᠬᠢᠶᠠᠨ ᠪᠠᠶᠢᠭᠤᠯᠵᠤ ᠂ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠭᠢᠯᠡᠯᠲᠡ ᠲᠠᠢ ᠪᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠳᠤ ᠪᠠᠶᠢᠵᠤ ᠂ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠥᠮ ᠪᠣᠳᠠᠲᠠᠢ ᠨᠠᠶᠢᠳᠠᠪᠤᠷᠢᠵᠢᠭᠤᠯᠵᠤ ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠣᠭᠠᠳ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠴᠢᠩᠭ᠎ᠠ ᠰᠢᠢᠳᠪᠦᠷᠢᠯᠡᠬᠦ ᠬᠡᠷᠡᠭᠲᠡᠢ ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠂ ᠡᠷᠲᠡ ᠤᠨᠲᠠᠷᠠᠭᠠᠬᠤ ᠪᠠᠭ᠎ᠠ ᠳᠡᠭᠡᠷ᠎ᠡ ᠨᠢ ᠤᠨᠲᠠᠷᠠᠭᠠᠬᠤ ᠶᠢ ᠪᠠᠷᠢᠮᠲᠠᠯᠠᠵᠤ ᠂ ᠬᠥᠮᠥᠨ ᠤ ᠰᠡᠷᠭᠡᠶᠢᠯᠡᠯᠲᠡ ᠂ ᠪᠣᠳᠠᠰ ᠤᠨ ᠰᠡᠷᠭᠡᠶᠢᠯᠡᠯᠲᠡ ᠂ ᠮᠡᠷᠭᠡᠵᠢᠯ ᠤᠨ ᠰᠡᠷᠭᠡᠶᠢᠯᠡᠯᠲᠡ ᠶᠢ ᠨᠢᠭᠡᠳᠦᠯᠲᠡᠢ ᠲᠥᠯᠥᠪᠵᠢᠭᠦᠯᠵᠦ ᠂ ᠡᠷᠲᠡ ᠢᠯᠡᠷᠡᠭᠦᠯᠭᠦ ᠂ ᠡᠷᠲᠡ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ ᠰᠠᠶᠢᠵᠢᠷᠠᠭᠤᠯᠵᠤ ᠂ ᠬᠥᠮᠥᠨ ᠢ ᠬᠠᠮᠢᠶᠠᠷᠴᠤ ᠂ ᠭᠠᠯ ᠢ ᠬᠠᠮᠢᠶᠠᠷᠴᠤ ᠂ ᠡᠯ᠎ᠡ ᠲᠦᠷᠦᠯ ᠤᠨ ᠭᠠᠯ ᠤᠨ ᠭᠠᠮᠰᠢᠭ ᠤᠨ ᠭᠡᠮ ᠰᠣᠭᠤᠭ ᠢ ᠪᠦᠲᠦᠮᠵᠢᠲᠡᠢ ᠠᠷᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠤᠯᠠᠨ ᠲᠦᠮᠡᠨ ᠤ ᠪᠦᠯᠭᠦᠮ ᠤᠨ ᠠᠵᠢᠯ ᠳᠠᠬᠢ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠶᠢ ᠳᠡᠮᠵᠢᠭᠦ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ ᠃ ᠡᠯ᠎ᠡ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ᠲᠤᠰᠤᠯᠲᠠ ᠪᠠ ᠬᠦᠴᠦᠯᠡᠬᠦ ᠴᠡᠭ ᠢᠶᠠᠨ ᠣᠨᠣᠪᠴᠢᠲᠠᠶ ᠣᠯᠵᠤ ᠂ ᠭᠤᠣᠯ ᠲᠡᠶᠢᠨ ᠤ ᠲᠠᠯᠠᠪᠤᠷ ᠲᠤ ᠢᠳᠡᠪᠬᠢᠲᠡᠢ ᠣᠷᠣᠯᠴᠠᠵᠤ ᠂ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠃ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ ᠂ ᠤᠯᠠᠨ ᠲᠦᠮᠡᠨ ᠤ ᠦᠭᠡ ᠶᠢ ᠢᠯᠡᠭᠦᠬᠡᠨ ᠬᠡᠷᠡᠭᠯᠡᠵᠦ ᠂ ᠤᠯᠠᠨ ᠲᠦᠮᠡᠨ ᠤ ᠥᠩᠭᠡᠷᠡᠭᠦᠯᠦᠭᠰᠡᠨ ᠤᠴᠢᠷ ᠶᠠᠪᠤᠳᠠᠯ ᠂ ᠳᠡᠷᠭᠡᠳᠡᠬᠢ ᠤᠴᠢᠷ ᠶᠠᠪᠤᠳᠠᠯ ᠢ ᠢᠯᠡᠭᠦᠬᠡᠨ ᠬᠡᠷᠡᠭᠯᠡᠵᠦ ᠲᠣᠭᠠᠴᠢᠨ ᠶᠣᠰᠣ ᠶᠠᠷᠢᠵᠤ ᠂ ᠦᠨᠳᠦᠰᠦᠲᠡᠨ  ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠩ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠪᠤᠯᠭᠠᠬᠤ ᠬᠡᠷᠡᠭᠲᠡᠢ ᠃ ᠠᠵᠢᠯ ᠤᠨ ᠠᠷᠭ᠎ᠠ ᠭᠡᠯᠪᠡᠷᠢ ᠪᠠᠨ ᠬᠠᠯᠠᠨ ᠰᠠᠶᠢᠵᠢᠷᠠᠭᠤᠯᠵᠤ ᠂ ᠬᠡᠶᠢᠰᠪᠦᠷᠢ ᠵᠦᠢᠯ ᠢ ᠪᠣᠳᠠᠲᠠᠢ ᠬᠢᠬᠦ ᠶᠢ ᠪᠠᠷᠢᠮᠲᠠᠯᠠᠨ ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ ᠂ ᠤᠯᠠᠨ ᠲᠦᠮᠡᠨ ᠢ ᠦᠨᠡᠨ ᠪᠣᠳᠠᠲᠠᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ ᠃   
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号