ᠫᠧᠩ ᠶᠠ ᠯᠢ ᠬᠤᠩᠱᠠᠨ ᠤᠰᠤᠨ ᠴᠥᠭᠦᠷᠥᠮ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/3/6
  2 ᠰᠠᠷ᠎ᠠ ᠶᠢᠨ 27 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠫᠧᠩ ᠶᠠ ᠯᠢ ᠳᠤᠭᠤᠶᠢᠯᠠᠩ ᠳᠠᠭᠠᠭᠤᠯᠤᠨ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ᠲᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃
3-6-1-彭娅丽.jpg
  ᠫᠧᠩ ᠶᠠ ᠯᠢ ᠲᠢᠩᠭᠢᠮ ᠤᠨ ᠳᠡᠳ᠋ ᠳᠠᠷᠤᠭ᠎ᠠ ᠬᠤᠩᠱᠠᠨ ᠤᠰᠤᠨ ᠴᠥᠭᠦᠷᠥᠮ ᠤᠨ ᠦᠶᠡᠷ ᠤᠨ ᠵᠠᠮ᠂ ᠤᠰᠤᠨ ᠴᠠᠬᠢᠯᠭᠠᠨ ᠦᠷᠳᠡᠭᠡ᠂ ᠵᠡᠭᠦᠨ ᠬᠡᠰᠡᠭ ᠤᠨ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠬᠥᠮᠥᠷᠭᠡ᠂ ᠠᠮᠤᠷ ᠢ ᠬᠠᠮᠠᠭᠠᠯᠠᠬᠤ ᠬᠢᠨᠠᠨ ᠡᠵᠡᠮᠳᠡᠬᠦ ᠲᠠᠰᠤᠭ ᠲᠤ ᠬᠦᠷᠴᠦ‌ᠤᠰᠤᠨ ᠴᠥᠭᠦᠷᠥᠮ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠵᠦᠢᠯ᠂ ᠮᠠᠰᠢᠨ ᠴᠠᠬᠢᠯᠭᠠᠨ ᠤ ᠲᠥᠬᠦᠭᠡᠷᠦᠮᠵᠢ᠂ ᠬᠠᠭᠠᠯᠲᠠ ᠶᠢᠨ ᠨᠡᠭᠡᠭᠡᠵᠦ ᠬᠠᠭᠠᠬᠤ ᠲᠥᠬᠦᠭᠡᠷᠦᠮᠵᠢ᠂ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭ᠎ᠠ ᠪᠤᠯᠤᠨ ᠴᠠᠬᠢᠯᠭᠠᠨ ᠴᠢᠮᠡᠭᠡ ᠬᠤᠯᠪᠣᠭᠠᠨ ᠤ ᠪᠠᠲᠤᠯᠠᠭ᠎ᠠ᠂ ᠠᠵᠢᠯᠯᠠᠬᠤ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠠᠶᠤᠯᠭᠦᠶ ᠦᠶᠯᠡᠳᠪᠦᠷᠢᠯᠡᠯ ᠤᠨ ︽ᠲᠠᠪᠤ ᠶᠢ ᠨᠠᠶᠢᠳᠠᠪᠤᠷᠢᠵᠢᠭᠤᠯᠬᠤ︾ ᠪᠠ ᠤᠰᠤᠨ ᠠᠰᠢᠭᠯᠠᠯᠲᠠ ᠶᠢᠨ ᠠᠶᠤᠯᠭᠦᠢ ᠦᠶᠯᠡᠳᠪᠦᠷᠢᠯᠡᠯ ᠤᠨ ᠲᠦᠭᠰᠢᠭᠦᠷᠢ  ᠶᠢ ᠬᠠᠮᠢᠶᠠᠷᠤᠨ ᠡᠵᠡᠮᠳᠡᠬᠦ ︽ᠵᠢᠷᠭᠤᠭᠠᠨ ᠵᠦᠶᠯ ᠤᠨ ᠲᠣᠭᠲᠠᠴᠠ︾ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ  ᠶᠢᠨ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃
3-6-2-彭娅丽.jpg
  ᠫᠧᠩ ᠶᠠ ᠯᠢ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠤᠲᠠᠯᠠᠬᠤ ᠶᠢᠨ ᠬᠠᠮᠲᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ  ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾ ᠶᠢ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠲᠡᠷᠡ ᠬᠡᠯᠡᠬᠦ ᠳᠤ ᠪᠠᠨ᠂ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠠᠮᠢᠶᠠᠷᠤᠯᠲᠠ ᠶᠢᠨ ᠳᠤᠲᠠᠭᠳᠠᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠠᠷᠢᠯᠢᠭ ᠬᠢᠵᠦ᠂ ᠬᠠᠷᠢᠭᠤᠴᠠᠯᠭ᠎ᠠ ᠶᠢ ᠤᠯᠠᠮ      ᠪᠣᠳᠠᠲᠠᠶᠢᠵᠢᠭᠤᠯᠵᠤ᠂ ᠲᠠᠯᠪᠢᠯ ᠦᠭᠡᠢ ᠴᠢᠩᠭ᠎ᠠ ᠠᠳᠬᠤᠵᠤ᠂ ᠰᠤᠯᠠᠷᠠᠭᠤᠯᠤᠯ ᠦᠭᠡᠢ ᠪᠠᠶᠢᠩᠭᠤ ᠠᠳᠬᠤᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ︾ ᠪᠠᠷ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠵᠤ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠡᠯ᠎ᠡ ᠵᠦᠢᠯ  ᠤᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠷᠢᠯᠭ᠎ᠠ ᠶᠢᠨ ᠣᠷᠣᠨ ᠤ ᠶᠡᠭᠡ ᠬᠠᠰᠢᠯᠭ᠎ᠠ ᠶᠢᠨ ᠭᠤᠣᠯ ᠴᠣᠭᠴᠠ ᠶᠢᠨ ᠠᠮᠤᠷ ᠲᠦᠪᠰᠢᠨ ᠢ ᠪᠠᠲᠤᠯᠠᠵᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭᠠᠨ ᠳᠤ ᠠᠮᠤᠷ ᠲᠦᠪᠰᠢᠨ ᠢᠶᠠᠷ ᠦᠶᠡᠷ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠴᠧᠩ ᠶᠠᠨ ᠹᠧᠩ ᠬᠡᠯᠡᠬᠦ ᠳᠤ ᠪᠠᠨ᠂ ᠲᠤᠰ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠠᠮᠤᠷ ᠲᠦᠪᠰᠢᠨ ᠢ ᠬᠠᠮᠠᠭᠠᠯᠠᠵᠤ᠂ ᠲᠤᠭᠳᠠᠭᠤᠨ ᠪᠠᠶᠢᠳᠠᠯ ᠢ ᠪᠠᠬᠢᠵᠢᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠶᠢᠪᠤᠰᠢᠷᠠᠬᠤ ᠪᠤᠳᠤᠯ᠂ ᠠᠵᠠ ᠭᠤᠷᠢᠳᠠᠬᠤ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ  ᠪᠠᠷ ᠰᠠᠶᠢᠲᠤᠷ ᠬᠢᠵᠦ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠤᠯᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠬᠠᠮᠢᠶᠠᠷᠤᠯᠲᠠ ᠶᠢᠨ ᠲᠦᠪ ᠤᠨ ᠦᠢᠯᠡᠳᠪᠦᠷᠢᠯᠡᠯ ᠤᠨ ᠠᠮᠤᠷ ᠲᠦᠪᠰᠢᠨ᠂ ᠤᠰᠤᠨ ᠴᠥᠭᠦᠷᠥᠮ ᠤᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠨ᠎ᠠ ᠭᠡᠵᠦ ᠢᠯᠡᠳᠬᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号