2023 ᠣᠨ ᠳᠤ ᠪᠠᠷᠠᠭᠤᠨ ᠯᠢᠶᠣᠤᠾᠧ ᠭᠤᠤᠯ ᠤᠨ ᠠᠮᠢ ᠠᠬᠤᠶ ᠶᠢᠨ ᠤᠰᠤᠨ ᠤ ᠬᠡᠮᠵᠢᠶᠡᠨ ᠤ ᠲᠣᠬᠢᠷᠠᠭᠤᠯᠤᠯᠲᠠ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2023/3/7
  ᠤᠰᠤᠨ ᠠᠰᠢᠭᠯᠠᠯᠲᠠ ᠶᠢᠨ ᠶᠠᠮᠤᠨ ᠤ ︽ ᠪᠠᠷᠠᠭᠤᠨ ᠯᠢᠶᠣᠤᠾᠧ ᠭᠤᠣᠯ ᠤᠨ 2023 —2024 ᠣᠨ ᠤ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠲᠥᠯᠥᠪᠯᠡᠭᠡ︾ ᠶᠣᠰᠣᠭᠠᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠬᠠᠪᠤᠷ ᠤᠨ ᠤᠯᠠᠷᠢᠯ ᠤᠨ ᠮᠥᠰᠥ ᠴᠠᠰᠤᠨ ᠤ ᠬᠠᠶᠢᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂ 3 ᠳ᠋ᠤᠭᠠᠷ ᠰᠠᠷ᠎ᠠ ᠶᠢᠨ 1 ᠤ ᠡᠳᠦᠷ ᠲᠣᠬᠢᠷᠠᠭᠤᠯᠬᠤ ᠵᠠᠷᠯᠢᠭ ᠪᠠᠭᠤᠯᠭᠠᠵᠤ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠡᠯ᠎ᠡ ᠰᠠᠯᠪᠤᠷᠢ ᠤᠷᠤᠰᠬᠠᠯ ᠳᠤ ︽ᠪᠦᠬᠦ ᠱᠤᠭᠤᠮ ᠢᠶᠠᠷ ᠵᠶ᠋ᠠᠨ‌ᠤᠰᠤᠨ ᠤ ᠠᠮᠠ ᠶᠢ ᠬᠠᠭᠠᠵᠤ᠂ ᠲᠥᠪᠯᠡᠷᠡᠭᠦᠯᠦᠨ ᠳᠣᠷᠣᠭᠰᠢ ᠤᠷᠤᠰᠬᠠᠬᠤ︾ ᠶᠢ ᠬᠡᠷᠡᠭᠵᠢᠭᠦᠯᠵᠦ᠂ ᠪᠠᠷᠠᠭᠤᠨ ᠯᠢᠶᠣᠤᠾᠧ ᠭᠤᠣᠯ ᠤᠨ ᠭᠤᠣᠯ ᠤᠷᠤᠰᠬᠠᠯ ᠳᠤ ᠠᠮᠢ ᠠᠬᠤᠶ ᠶᠢᠨ ᠤᠰᠤᠨ ᠤ ᠬᠡᠮᠵᠢᠶ᠎ᠡ ᠶᠢ ᠳᠣᠷᠣᠭᠰᠢ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ 3 ᠳ᠋ᠤᠭᠠᠷ ᠰᠠᠷ᠎ᠠ ᠶᠢᠨ 6 ᠤ ᠡᠳᠦᠷ  ᠤᠨ 14 ᠴᠠᠭ ᠲᠤ᠂ ᠪᠠᠷᠠᠭᠤᠨ ᠯᠢᠶᠣᠤᠾᠧ ᠭᠤᠤᠯ ᠤᠨ ᠭᠤᠤᠯ ᠤᠷᠤᠰᠬᠠᠯ ᠤᠨ ᠤᠰᠤᠨ ᠤ ᠦᠵᠦᠭᠦᠷ ᠲᠦᠩᠯᠢᠶᠣᠤ ᠬᠤᠲᠠ ᠶᠢᠨ ᠶᠡᠷᠦᠩᠬᠡᠶ ᠠᠯᠪᠠᠨ ᠬᠡᠷ ᠤᠨ ᠸᠧ ᠪᠣᠣ ᠶᠢᠨ ᠬᠦᠶᠰᠦ ᠤᠷᠤᠨ ᠳᠤ ᠬᠦᠷᠴᠦ᠂ 3 ᠳ᠋ᠤᠭᠠᠷ ᠰᠠᠷ᠎ᠠ ᠶᠢᠨ 6 ᠤ ᠡᠳᠦᠷ ᠤᠨ 22 ᠴᠠᠭ ᠲᠤ ᠶᠡᠷᠦᠩᠬᠡᠶ ᠠᠯᠪᠠᠨ ᠬᠡᠷ ᠤᠨ ᠸᠧ ᠪᠣᠣ ᠶᠢᠨ ᠬᠦᠶᠰᠦ ᠤᠷᠤᠨ ᠳᠤ ᠤᠰᠤ ᠲᠠᠯᠪᠢᠵᠦ ᠡᠬᠢᠯᠡᠪᠡ᠂ 3 ᠳ᠋ᠤᠭᠠᠷ ᠰᠠᠷ᠎ᠠ ᠶᠢᠨ 7 ᠤ ᠡᠳᠦᠷ ᠤᠨ 16 ᠴᠠᠭ ᠲᠤ ᠤᠰᠤᠨ ᠤ ᠡᠬᠢ ᠨᠢ ᠶᠡᠷᠦᠩᠬᠡᠶ ᠠᠯᠪᠠᠨ ᠬᠡᠷ ᠤᠨ ᠸᠧ ᠪᠣᠣ ᠶᠢᠨ ᠬᠦᠶᠰᠦ ᠤᠷᠤᠨ ᠤ ᠳᠣᠤᠷᠠᠳᠤ ᠤᠷᠤᠰᠬᠠᠯ ᠤᠨ 13 ᠺᠢᠯᠣᠮᠧᠲᠷ ᠤᠨ ᠭᠠᠵᠠᠷ ᠲᠤ ᠬᠥᠷᠪᠡ᠃ ᠡᠨᠡ ᠨᠢ 2002 ᠣᠨ ᠠᠴᠠ ᠨᠠᠭᠠᠰᠢ ᠶᠡᠷᠦᠩᠬᠡᠶ ᠠᠯᠪᠠᠨ ᠬᠡᠷ ᠤᠨ ᠸᠧ ᠪᠣᠣ ᠶᠢᠨ ᠬᠦᠶᠰᠦ ᠤᠷᠤᠨ ᠳᠤ ᠬᠤᠶᠠᠳᠠᠬᠢ ᠤᠳᠠᠭ᠎ᠠ ᠤᠰᠤ ᠬᠦᠷᠦᠭᠰᠡᠨ ᠶᠠᠪᠤᠳᠠᠯ ᠪᠣᠯᠬᠤ ᠪᠦᠭᠡᠳ ᠮᠥᠨ ᠴᠦ 21 ᠵᠢᠯ ᠤᠨ ᠲᠤᠷᠰᠢ ᠪᠠᠷᠠᠭᠤᠨ ᠯᠢᠶᠣᠤᠾᠧ ᠭᠤᠤᠯ ᠤᠨ ᠶᠡᠷᠦᠩᠬᠡᠶ ᠠᠯᠪᠠᠨ ᠬᠡᠷ ᠤᠨ ᠸᠧ ᠪᠣᠣ ᠶᠢᠨ ᠬᠦᠶᠰᠦ ᠤᠷᠤᠨ ᠳᠤ ᠬᠠᠪᠤᠷ ᠤᠨ ᠤᠯᠠᠷᠢᠯ ᠳᠤ ᠠᠩᠬ᠎ᠠ ᠤᠳᠠᠭ᠎ᠠ ᠤᠰᠤ ᠬᠦᠷᠦᠭᠰᠡᠨ ᠶᠠᠪᠤᠳᠠᠯ ᠶᠤᠮ᠂ ᠡᠨᠡ ᠨᠢ 2023 ᠣᠨ ᠤ ᠪᠠᠷᠠᠭᠤᠨ ᠯᠢᠶᠣᠤᠾᠧ ᠭᠤᠤᠯ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃
3-7-2023-1.jpg
  ᠪᠠᠷᠠᠭᠤᠨ ᠯᠢᠶᠣᠤᠾᠧ ᠭᠤᠤᠯ ᠤᠨ ᠭᠤᠤᠯ ᠤᠷᠤᠰᠬᠠᠯ ᠤᠨ ᠶᠡᠷᠦᠩᠬᠡᠶ ᠠᠯᠪᠠᠨ ᠭᠡᠷ ᠤᠨ ᠸᠧ ᠪᠣᠣ ᠬᠦᠢᠰᠦ  ᠶᠢᠨ ᠬᠡᠰᠡᠭ  ᠥᠪᠥᠷ ᠮᠣᠩᠭᠤᠯ ᠤᠨ ᠪᠠᠷᠠᠭᠤᠨ ᠯᠢᠶᠣᠤᠾᠧ ᠭᠤᠤᠯ ᠤᠨ ᠠᠮᠢ ᠠᠬᠤᠶ ᠶᠢᠨ ᠰᠡᠷᠭᠦᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ 2020 ᠣᠨ ᠠᠴᠠ ᠡᠬᠢᠯᠡᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ᠂ ᠲᠣᠬᠢᠷᠠᠭᠤᠯᠤᠯᠲᠠ ᠶᠢᠨ ᠲᠥᠰᠦᠯ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠵᠢᠯ ᠳᠠᠷᠠᠭᠠᠯᠠᠨ ᠲᠤᠷᠰᠢᠯᠭ᠎ᠠ ᠪᠠᠨ ᠳ᠋ᠦᠩᠨᠡᠨ᠂ ᠬᠠᠮᠲᠤᠷᠠᠨ ᠲᠣᠬᠢᠷᠠᠭᠤᠯᠬᠤ ᠶᠢ ᠰᠦᠪᠡᠭᠴᠢᠯᠡᠨ ᠥᠷᠨᠢᠭᠦᠯᠵᠦ᠂ ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠲᠣᠬᠢᠷᠠᠭᠤᠯᠤᠯᠲᠠ ᠢᠯᠡᠳᠲᠡ ᠠᠮᠵᠢᠯᠲᠠ ᠣᠯᠵᠤ᠂ ᠭᠤᠤᠯ ᠤᠷᠤᠰᠬᠠᠯ ᠤᠨ ︽ᠤᠰᠤ ᠲᠠᠢ︾ ᠭᠤᠤᠯ ᠤᠨ ᠬᠡᠰᠡᠭ ᠢ ᠵᠢᠯ ᠳᠠᠷᠠᠭᠠᠯᠠᠨ ᠤᠷᠲᠤᠳᠬᠠᠪᠠ᠃
3-7-2023-2.jpg
  ᠪᠠᠷᠠᠭᠤᠨ ᠯᠢᠶᠣᠤᠾᠧ ᠭᠤᠤᠯ ᠤᠨ ᠭᠤᠤᠯ ᠤᠷᠤᠰᠬᠠᠯ ᠤᠨ ᠶᠡᠷᠦᠩᠬᠡᠶ ᠠᠯᠪᠠᠨ ᠭᠡᠷ ᠤᠨ ᠸᠧ ᠪᠣᠣ ᠭᠦᠢᠰᠦ  ᠶᠢᠨ ᠳᠡᠭᠡᠳᠦ ᠤᠷᠤᠰᠬᠠᠯ ᠤᠨ 5 ᠺᠢᠯᠤᠮᠲ᠋ᠧᠷ ᠤᠨ ᠭᠠᠵᠠᠷ ᠲᠤ  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠠᠷᠠᠯᠲᠠ ᠪᠠᠨ ᠲᠣᠭᠲᠠᠭᠠᠵᠤ᠂ ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠰᠤᠨ ᠤ ᠢᠷᠡᠯᠲᠡ ᠨᠢ ᠡᠯᠪᠡᠭ ᠪᠣᠯᠬᠤ ᠪᠤᠶᠤ ᠲᠦᠷᠦᠭᠦᠦ ᠨᠢᠭᠡ ᠲᠣᠬᠢᠷᠠᠭᠤᠯᠤᠯᠲᠠ ᠶᠢᠨ ᠵᠢᠯ ᠤᠨ ᠬᠢ ᠲᠠᠢ ᠲᠡᠩᠴᠡᠭᠦᠦ ᠪᠣᠯᠬᠤ ᠪᠠᠶᠢᠳᠠᠯ ᠳᠤ ᠭᠤᠤᠯ ᠤᠷᠤᠰᠬᠠᠯ ᠤᠨ ᠤᠰᠤᠨ ᠤ ᠡᠬᠢ ᠶᠢ ᠲᠦᠩᠯᠢᠶᠣᠤ ᠶᠢᠨ ᠬᠡᠰᠡᠭ ᠲᠤ ᠬᠦᠷᠭᠡᠬᠦ ᠪᠠᠷ ᠴᠢᠷᠮᠠᠶᠢᠵᠤ᠂ ᠪᠠᠷᠠᠭᠤᠨ ᠯᠢᠶᠣᠤᠾᠧ ᠭᠤᠤᠯ ᠤᠨ ᠡᠵᠢ ᠭᠤᠤᠯ ᠢ ᠰᠡᠷᠭᠦᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠷᠠᠭᠤᠨ ᠯᠢᠶᠣᠤᠾᠧ ᠭᠤᠤᠯ  ᠤᠨ ᠠᠮᠢ ᠠᠬᠤᠶ ᠶᠢᠨ ᠰᠡᠷᠭᠦᠯᠲᠡ ᠶᠢ ᠠᠬᠢᠭᠤᠯᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号