ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠰᠢᠰᠲ᠋ᠧᠮ  ᠤᠨ ᠬᠢᠨ ᠤᠰᠤᠨ ᠠᠰᠢᠭᠯᠠᠯᠲᠠ ᠶᠢᠨ ᠠᠶᠤᠯᠭᠦᠶ ᠦᠶᠯᠡᠳᠪᠦᠷᠢᠯᠡᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ ᠤᠰᠤᠨ ᠠᠰᠢᠭᠯᠠᠯᠲᠠ ᠶᠢᠨ ᠠᠵᠢᠯ ᠤᠨ ᠡᠬᠢᠯᠡᠯᠲᠡ ᠶᠢᠨ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2023/3/8
  ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠠᠯᠠᠱᠠ ᠶᠢᠨ ᠵᠠᠳᠠᠭᠠᠶ ᠨᠡᠭᠦᠷᠡᠰᠦᠨ ᠠᠭᠤᠷᠬᠠᠶ ᠨᠤᠷᠠᠭᠰᠠᠨ ᠬᠡᠷᠡᠭ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠨᠥᠭᠦᠭᠡ ᠶᠢ ᠵᠦᠶᠴᠢᠯᠡᠨ᠂ ᠦᠳᠲᠡᠷ ᠲᠦᠷᠭᠡᠨ ᠬᠥᠳᠡᠯᠦᠯᠴᠡᠵᠦ᠂ ᠤᠰᠤᠨ ᠠᠰᠢᠭᠯᠠᠯᠲᠠ ᠶᠢᠨ ᠠᠶᠤᠯᠭᠦᠶ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠵᠦ᠂ ᠡᠷᠲᠡ ᠠᠴᠠ ᠰᠡᠷᠭᠡᠶᠢᠯᠡᠨ ᠪᠠᠭ᠎ᠠ ᠠᠴᠠ ᠰᠡᠷᠭᠡᠶᠢᠯᠡᠵᠦ᠂ ᠪᠥᠬᠦ ᠬᠤᠲᠠ ᠶᠢᠨ ᠤᠰᠤᠨ ᠠᠰᠢᠭᠯᠠᠯᠲᠠ  ᠶᠢᠨ ᠠᠵᠢᠯ ᠲᠥᠷᠥᠯ ᠤᠨ ᠠᠮᠤᠷ ᠲᠦᠪᠰᠢᠨ ᠤ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ      ᠳᠡᠭᠡᠭᠰᠢᠯᠡᠭᠦᠯᠪᠡ᠃
盟市-3-8-1.jpg
  2 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠶᠤᠯᠭᠦᠶ ᠦᠶᠯᠡᠳᠪᠦᠷᠢᠯᠡᠯ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠲᠤᠪᠴᠢᠶᠠᠨ ᠤ ᠪᠠᠶᠢᠭᠤᠯᠭ᠎ᠠ ᠶᠢᠨ ᠭᠠᠵᠠᠷ ᠤᠨ ᠲᠠᠰ ᠤᠨ ᠺᠠᠳ᠋ᠷ ᠳᠤᠭᠤᠶᠢᠯᠠᠩ ᠳᠠᠭᠠᠭᠤᠯᠤᠨ ᠡᠯ᠎ᠡ ᠬᠤᠰᠢᠭᠤ ᠲᠣᠭᠤᠷᠢᠭ ᠲᠤ ᠭᠦᠨᠵᠡᠭᠡᠶᠢᠷᠡᠨ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ︵ᠠᠶᠤᠯᠲᠠᠶ ᠪᠠᠷᠢᠯᠭ᠎ᠠ ᠶᠢᠨ ᠬᠡᠰᠡᠭ᠂ ᠨᠦᠯᠦᠮᠡᠯ ᠭᠠᠵᠠᠷ  ᠤᠨ ᠬᠠᠰᠢᠯᠭ᠎ᠠ᠂ ᠤᠰᠤᠨ ᠴᠥᠭᠦᠷᠥᠮ᠂ ᠤᠰᠤᠨ ᠬᠠᠭᠠᠯᠲᠠ᠂ ᠬᠠᠰᠢᠯᠭ᠎ᠠ ᠶᠢ ᠨᠡᠪᠲᠡᠯᠬᠦ ᠭᠤᠯᠳᠤᠩ᠂ ᠬᠥᠪᠦᠮᠡᠯ ᠬᠥᠭᠦᠷᠭᠡ᠂ ᠡᠳ᠋ ᠪᠣᠳᠠᠰ ᠨᠥᠭᠡᠴᠡᠯᠡᠬᠦ ᠵᠡᠷᠭᠡ︶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠲᠤᠬᠠᠶ ᠶᠢᠨ ᠲᠠᠯᠠᠪᠠᠶ ᠳᠤ ᠬᠤᠰᠢᠭᠤ ᠲᠣᠭᠤᠷᠢᠭ ᠲᠠᠢ ᠬᠠᠮᠲᠤ ᠪᠠᠷ ᠠᠰᠠᠭᠤᠳᠠᠯ ᠢ ᠪᠠᠶᠢᠴᠠᠭᠠᠵᠤ᠂ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠳᠡᠶᠢᠯᠬᠦ ᠥᠬᠡᠶ ᠪᠣᠯ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠤᠳᠤᠷᠬᠠᠢ ᠲᠤᠭᠲᠠᠭᠠᠪᠠ᠃ ᠬᠤᠲᠠ ᠶᠢᠨ ᠲᠣᠰ ᠱᠠᠲᠤ 1300 ᠲᠦᠮᠡᠨ ᠲᠥᠭᠦᠷᠢᠭ ᠪᠠᠭᠤᠯᠭᠠᠵᠤ ᠬᠠᠲᠤᠨ ᠭᠤᠤᠯ ᠤᠨ ᠬᠠᠯᠢᠶ᠎ᠠ ᠶᠢ ᠰᠡᠷᠭᠡᠶᠢᠯᠡᠨ ᠭᠤᠤᠯ ᠭᠡᠰᠬᠦ ᠬᠤᠭᠤᠴᠠᠭᠠᠨ ᠳᠠᠬᠢ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠰᠢᠶᠳᠪᠦᠷᠢᠯᠡᠬᠦ ᠳᠤ ᠬᠡᠷᠡᠭᠯᠡᠵᠦ᠂ 1740 ᠲᠦᠮᠡᠨ ᠲᠥᠭᠦᠷᠢᠭ ᠪᠠᠭᠤᠯᠭᠠᠵᠤ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠤ ᠶᠠᠪᠤᠴᠠ ᠳᠠᠬᠢ ᠠᠷᠠᠴᠢᠯᠠᠨ ᠬᠠᠮᠠᠭᠠᠯᠠᠬᠤ ᠨᠥᠬᠦᠪᠥᠷᠢ ᠪᠠᠯᠠ ᠮᠥᠩᠭᠦ ᠳᠤ ᠬᠡᠷᠡᠭᠯᠡᠪᠡ᠃ ᠨᠠᠷᠢᠨ ᠪᠠᠶᠢᠴᠠᠭᠠᠯᠲᠠ ᠪᠤᠲᠠᠲᠠᠢ ᠦᠭᠡᠷᠡᠴᠢᠯᠡᠯᠲᠡ ᠪᠠᠷ ᠠᠮᠤᠷ ᠲᠦᠪᠰᠢᠨ ᠢ ᠪᠠᠲᠤᠯᠠᠵᠤ᠂ ᠵᠢᠩᠭᠢᠨᠢ ᠠᠯᠲᠠ ᠮᠥᠩᠭᠦ ᠪᠠᠷ ᠠᠮᠤᠷ ᠲᠦᠪᠰᠢᠨ ᠢ ᠪᠠᠲᠤᠯᠠᠨ᠎ᠠ᠃  3 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠶᠤᠯᠭᠦᠢ ᠦᠶᠯᠡᠳᠪᠦᠷᠢᠯᠡᠯ ᠤᠨ ᠲᠤᠰᠬᠠᠶ ᠰᠡᠳᠦᠪᠲᠦ ᠬᠤᠷᠠᠯ ᠤᠨ ᠳᠠᠷᠠᠭ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠲᠡᠷᠡ ᠳᠠᠷᠤᠶ ᠳᠤᠨᠢ ᠠᠮᠤᠷ ᠲᠦᠪᠰᠢᠨ ᠤ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠠᠮᠤᠷ ᠲᠦᠪᠰᠢᠨ ᠤ ᠲᠤᠰᠬᠠᠶ ᠠᠵᠢᠯᠯᠠᠭ᠎ᠠ  ᠶᠢᠨ ᠪᠠᠶᠢᠳᠠᠯ ᠢ ᠬᠤᠷᠢᠶᠠᠩᠭᠤᠶᠢᠯᠠᠵᠤ᠂ ᠣᠳᠣᠬᠠᠨ ᠤ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠰᠢᠰᠲ᠋ᠧᠮ  ᠤᠨ ᠠᠮᠤᠷ ᠲᠦᠪᠰᠢᠨ ᠤ ᠪᠠᠶᠢᠳᠠᠯ ᠢ ᠵᠠᠳᠠᠯᠵᠤ᠂ ᠣᠶᠢᠷ᠎ᠠ ᠶᠢᠨ ᠬᠤᠭᠤᠴᠠᠭᠠᠨ ᠤ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠠᠶᠤᠯᠭᠦᠢ ᠦᠶᠯᠡᠳᠪᠦᠷᠢᠯᠡᠯ ᠤᠨ ᠠᠵᠢᠯ  ᠢ ᠳᠠᠬᠢᠨ ᠪᠠᠶᠢᠷᠢᠯᠠᠭᠤᠯᠵᠤ ᠳᠠᠬᠢᠨ ᠴᠢᠩᠭᠠᠳᠬᠠᠭᠰᠠᠨ  ᠨᠢ᠂ ᠬᠠᠲᠤᠨ ᠭᠤᠤᠯ ᠤᠨ ᠪᠥᠬᠦ ᠱᠤᠭᠤᠮ ᠤᠨ ᠭᠤᠤᠯ  ᠭᠡᠰᠬᠦ ᠪᠠ ᠪᠦᠬᠦ ᠵᠢᠯ ᠤᠨ ᠠᠵᠢᠯ ᠢᠶᠠᠨ ᠡᠬᠢᠯᠡᠭᠦᠯᠬᠦ ᠰᠡᠷᠭᠦᠭᠡᠬᠦ 59 ᠤᠰᠤᠨ ᠠᠰᠢᠭᠯᠠᠯᠲᠠ ᠶᠢᠨ ᠲᠥᠷᠥᠯ ᠵᠦᠶᠯ ᠳᠤ ᠠᠮᠤᠷ ᠲᠦᠪᠰᠢᠨ ᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
盟市-3-8-2.jpg
  ᠲᠠᠷᠠᠭᠠᠴᠢ ᠶᠢᠨ ᠠᠯᠬᠤᠮ ᠳᠤ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ︽ᠴᠠᠭ ᠢᠮᠠᠭᠲᠠ ᠰᠡᠳᠬᠢᠯ ᠠᠮᠤᠷ ᠪᠠᠶᠢᠬᠤ ᠦᠭᠡᠢ ᠬᠠᠷᠢᠭᠤᠴᠠᠯᠭᠠᠲᠤ ᠰᠡᠳᠬᠢᠯᠭᠡ︾ ᠪᠠᠷ ᠦᠷᠭᠦᠯᠵᠢᠯᠡᠨ ᠠᠳᠬᠤᠵᠤ᠂ ᠶᠠᠪᠤᠳᠠᠯ ᠪᠣᠯᠭᠠᠨ ᠢ ᠠᠳᠬᠤᠵᠤ᠂ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠨᠢᠭᠡ ᠳᠤ᠂ ᠤᠯᠤᠰ ᠲᠦᠷᠦ ᠶᠢᠨ ᠲᠦᠪᠰᠢᠨ ᠠᠴᠠ ᠦᠵᠡᠬᠦ᠂ ᠤᠯᠤᠰ ᠲᠦᠷᠦ ᠶᠢᠨ ᠲᠦᠪᠰᠢᠨ  ᠠᠴᠠ ᠠᠳᠬᠤᠬᠤ ᠶᠢ ᠪᠠᠷᠢᠮᠲᠠᠯᠠᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭ᠎ᠠ᠂ ᠬᠠᠳᠤᠨ ᠭᠤᠣᠯ ᠤᠨ ᠭᠡᠰᠬᠦ ᠬᠠᠯᠢᠶ᠎ᠠ ᠦᠶᠡᠷ ᠤᠨ ᠬᠤᠭᠤᠴᠠᠭᠠᠨ ᠤ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠲᠤᠷ ᠬᠢᠬᠦ ᠪᠤᠯᠤᠨ᠎ᠠ᠃ ᠬᠤᠶᠠᠷ ᠲᠤ᠂ ᠲᠠᠶᠢᠪᠤᠰᠢᠷᠠᠬᠤ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠵᠦ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢ ᠴᠢᠩᠭᠠᠳᠬᠠᠨ᠎ᠠ᠃ ᠭᠤᠷᠪᠠ ᠳᠤ᠂ ᠪᠠᠶᠢᠳᠠᠯ ᠢ ᠨᠠᠷᠢᠨ ᠬᠢᠨᠠᠮᠠᠭᠠᠶ ᠵᠠᠳᠠᠯᠵᠤ᠂ ᠠᠶᠤᠯᠭᠦᠶ ᠦᠶᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠡᠴᠦᠰ ᠲᠤᠨᠢ ᠲᠤᠯᠲᠠᠯ᠎ᠠ ᠬᠢᠵᠦ᠂ ᠥᠨᠴᠥᠭ ᠪᠤᠯᠤᠩ ᠪᠠ ᠪᠠᠯᠠᠶ ᠣᠷᠣᠨ ᠦᠯᠡᠳᠡᠭᠡᠬᠦ ᠥᠬᠡᠶ᠃ ᠲᠦᠷᠪᠡ ᠳᠤ᠂ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠪᠠ ᠮᠡᠷᠭᠡᠵᠢᠯ ᠤᠨ ᠬᠢᠨᠠᠨ ᠬᠡᠮᠵᠢᠯᠲᠡ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠢᠯᠭᠠᠨ ᠲᠠᠨᠢᠬᠤ ᠨᠤᠷᠮ᠎ᠠ᠂ ᠬᠠᠮᠢᠶᠠᠷᠤᠨ ᠡᠵᠡᠮᠳᠡᠬᠦ ᠨᠤᠷᠮ᠎ᠠ᠂ ᠴᠡᠭᠴᠡᠯᠡᠨ ᠰᠠᠶᠢᠵᠢᠷᠠᠭᠤᠯᠬᠤ ᠨᠤᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠬᠦ ᠪᠤᠯᠤᠨ᠎ᠠ᠃ 
 
ᠢᠷᠡᠯᠲᠡ᠄ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号