ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/9
  ᠤᠰᠤᠨ ᠠᠰᠢᠭᠯᠠᠯᠲᠠ ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠶᠢᠨ ᠵᠥᠪᠯᠡᠯ ᠤᠨ ᠠᠶᠤᠯᠭᠦᠢ ᠦᠶᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ 3 ᠳ᠋ᠤᠭᠠᠷ ᠰᠠᠷ᠎ᠠ ᠶᠢᠨ 7 — 8 ᠤ ᠡᠳᠦᠷ ᠪᠣᠯᠲᠠᠯ᠎ᠠ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠣᠷᠳᠣᠰ ᠬᠤᠲᠠ᠂ ᠪᠠᠶᠠᠨᠨᠠᠭᠤᠷ ᠬᠤᠲᠠ᠂ ᠪᠤᠭᠤᠲᠤ ᠬᠤᠲᠠ ᠳᠤ ᠬᠦᠷᠴᠦ ᠬᠠᠲᠤᠨ ᠭᠤᠤᠯ ᠤᠨ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠬᠠᠯᠢᠶ᠎ᠠ  ᠶᠢ ᠰᠡᠷᠭᠡᠶᠢᠯᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠠᠵᠢᠯᠲᠠᠳ ᠢ ᠲᠣᠬᠤᠨᠢᠭᠤᠯᠪᠠ᠃
防凌.jpg
  ᠲᠢᠩᠭᠢᠮ ᠤᠨ ᠳᠠᠷᠤᠭ᠎ᠠ ᠱᠧᠩ ᠰᠢᠶᠤᠤ ᠶᠢᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠠᠲᠤᠨ ᠭᠤᠤᠯ ᠤᠨ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠪᠣᠯ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠣᠳᠣᠬᠠᠨ  ᠳᠤ ᠬᠠᠲᠤᠨ ᠭᠤᠤᠯ ᠤᠨ ᠭᠤᠤᠯ ᠭᠡᠰᠬᠦ ᠵᠠᠩᠭᠢᠯᠠᠭ᠎ᠠ ᠶᠢᠨ ᠬᠤᠭᠤᠴᠠᠭ᠎ᠠ ᠪᠤᠯᠬᠤᠷ ᠡᠯ᠎ᠡ ᠭᠠᠵᠠᠷ ᠤᠨ ᠬᠢᠨ ᠬᠠᠲᠤᠨ ᠭᠤᠤᠯ ᠤᠨ ᠭᠤᠤᠯ ᠭᠡᠰᠬᠦ ᠬᠤᠭᠤᠴᠠᠭᠠᠨ ᠤ ᠬᠠᠯᠢᠶ᠎ᠠ ᠶᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠪᠥᠬᠦ ᠬᠦᠴᠦᠨ  ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠠᠲᠤᠨ ᠭᠤᠤᠯ ᠤᠨ ᠭᠤᠤᠯ ᠰᠠᠯᠪᠤᠷᠢ ᠤᠷᠤᠰᠬᠠᠯ ᠤᠨ ᠳᠠᠯᠠᠩ ᠬᠠᠰᠢᠯᠭ᠎ᠠ ᠶᠢᠨ ᠰᠡᠳᠡᠷᠡᠰᠢ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠨᠠᠭᠰᠢᠳᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ  ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︔ ᠳᠠᠯᠠᠩ ᠬᠠᠰᠢᠯᠭ᠎ᠠ ᠶᠢ ᠬᠠᠶᠢᠨ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠬᠡᠷᠡᠭᠲᠡᠶ︔ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠰᠠᠭᠠᠳ ᠥᠬᠡᠶ ᠨᠡᠪᠲᠡᠷᠡᠬᠦ᠂ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢ ᠮᠦᠷᠲᠡᠭᠡᠨ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠥᠪᠥᠷ ᠮᠣᠩᠭᠤᠯ ᠤᠨ ᠬᠠᠲᠤᠨ ᠭᠤᠤᠯ ᠤᠨ ᠭᠤᠤᠯ ᠭᠡᠰᠬᠦ ᠬᠤᠭᠤᠴᠠᠭᠠᠨ ᠤ ᠬᠠᠯᠢᠶ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号