ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ ᠤᠰᠤᠨ ᠠᠰᠢᠭᠯᠠᠯᠲᠠ ᠶᠢᠨ ᠲᠢᠩᠬᠢᠮ ᠤᠨ ᠵᠢᠭᠠᠪᠤᠷᠢ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/3/9
  ᠡᠨᠡ ᠵᠢᠯ ᠲᠦᠩᠯᠢᠶᠣᠤ ᠬᠤᠲᠠ ᠶᠢᠨ ᠬᠤᠲᠠ ᠶᠢᠨ ᠳᠠᠷᠤᠭ᠎ᠠ ᠴᠢ᠊ · ᠳᠠᠯᠠᠨᠲᠠᠢ ᠤᠰᠤᠨ ᠠᠰᠢᠭᠯᠠᠯᠲᠠ ᠶᠢᠨ ᠲᠢᠩᠬᠢᠮ ᠲᠠᠢ ᠠᠵᠢᠯ ᠢᠶᠠᠨ ᠵᠤᠯᠭᠠᠯᠴᠠᠭᠤᠯᠬᠤ ᠶᠠᠪᠤᠴᠠ ᠳᠤ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠠᠵᠢᠯ ᠳᠤ ᠳᠥᠷᠪᠡᠨ ᠲᠠᠯ᠎ᠠ ᠶᠢᠨ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠢ ᠵᠠᠰᠠᠬᠤ ᠢᠨᠵᠧᠨᠧᠷᠢᠩ ᠤᠨ ᠲᠦᠰᠦᠯ  ᠢ ᠱᠠᠯᠠᠪᠳᠠᠨ ᠭᠠᠷᠭᠠᠵᠤ᠂ ᠡᠨᠡ ᠵᠢᠯ ᠤᠰᠤᠨ ᠵᠠᠮ ᠯᠠᠶᠢᠳᠠᠬᠤ ᠢᠨᠵᠧᠨᠧᠷᠢᠩ ᠢ ᠦᠷᠨᠢᠭᠦᠯᠬᠦ︔ ᠬᠤᠶᠠᠷ ᠲᠤ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠪᠠ ᠠᠵᠢᠯ ᠤᠨ ᠠᠬᠢᠴᠠ︔ ᠭᠤᠷᠪᠠ ᠳᠤ᠂ ᠬᠤᠶᠢᠲᠤ ᠬᠤᠰᠢᠭᠤᠨ ᠤ ᠦᠶᠡᠷ ᠤᠰᠤᠲᠤᠯ ᠢ ᠵᠠᠯᠠᠬᠤ ᠪᠠ ᠵᠡᠭᠦᠨ ᠲᠠᠪᠤᠨ ᠭᠡᠷ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠲᠦᠷᠭᠡᠨ ᠡᠬᠢᠯᠡᠭᠦᠯᠬᠦ︔ ᠳᠥᠷᠪᠡ ᠳᠤ᠂ ᠬᠦᠷᠢᠶ᠎ᠡ ᠬᠤᠰᠢᠭᠤᠨ ᠤ ᠭᠠ ᠬᠠᠢ ᠱᠠᠨ ᠤᠰᠤᠨ ᠴᠥᠭᠦᠷᠥᠮ ᠤᠨ ᠪᠠᠷᠢᠯᠭ᠎ᠠ ᠶᠢ ᠡᠬᠢᠯᠡᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ᠃ ᠬᠤᠲᠠ ᠶᠢᠨ ᠵᠠᠰᠠᠭ ᠤᠨ ᠣᠷᠳᠣᠨ ᠡᠯ᠎ᠡ ᠵᠦᠶᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠠᠭᠠᠷᠠᠯᠲᠠᠶ ᠲᠣᠬᠢᠷᠠᠭᠤᠯᠤᠨ ᠪᠠᠶᠢᠷᠢᠯᠠᠭᠤᠯᠪᠠ᠃ 3 ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢᠦᠶ ᠭᠦᠸᠧ ᠬᠤᠸᠠ ᠬᠤᠷᠠᠯ ᠬᠤᠷᠠᠯᠳᠤᠭᠤᠯᠵᠤ᠂ ᠳᠥᠷᠪᠡᠨ ᠵᠦᠢᠯ ᠤᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠪᠠ᠃ 3ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠲᠤᠰᠬᠠᠶᠢᠯᠠᠨ ᠬᠤᠷᠠᠯᠳᠤᠭᠤᠯᠵᠤ᠂ ᠤᠰᠤᠨ ᠤ ᠶᠠᠪᠤᠳᠠᠯ  ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠳᠥᠷᠪᠡᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠤᠳᠤᠯᠤᠨ ᠪᠠᠶᠢᠷᠢᠯᠠᠭᠤᠯᠵᠤ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠄ ᠨᠢᠭᠡ ᠳᠤ᠂ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠡᠨ ᠬᠦ ᠴᠢᠩᠭᠠᠳᠬᠠᠬᠤ ᠬᠡᠷᠡᠭᠲᠡᠶ︔ ᠬᠤᠶᠠᠷ ᠲᠤ᠂ ᠲᠦᠩᠯᠢᠶᠣᠤ ᠶᠢᠨ ᠺᠠᠳ᠋ᠷᠴᠤᠳ ᠤᠨ ᠠᠵᠢᠯ ᠶᠠᠪᠤᠳᠠᠯ ᠪᠦᠲᠦᠭᠡᠵᠦ᠂ ᠰᠠᠶᠢᠨ ᠶᠠᠪᠤᠳᠠᠯ ᠬᠢᠵᠦ ᠴᠢᠳᠠᠳᠠᠭ ᠰᠠᠶᠢᠨ ᠰᠠᠶᠢᠬᠠᠨ ᠳᠦᠷᠢ ᠲᠥᠷᠬᠦ ᠶᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠶ︔ ᠭᠤᠷᠪᠠ ᠳᠤ᠂ ᠰᠡᠳᠬᠢᠴᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠰᠠᠭᠤᠳᠠᠯ ᠢ ᠰᠢᠢᠳᠪᠦᠷᠢᠯᠡᠵᠦ᠂ ᠲᠦᠷᠭᠡᠨ ᠠᠬᠢᠭᠤᠯᠬᠤ ᠬᠡᠷᠡᠭᠲᠡᠢ︔ ᠳᠥᠷᠪᠡ ᠳᠤ᠂ ᠨᠢᠭᠡᠳᠦᠯᠲᠡᠶ ᠲᠥᠯᠥᠪᠯᠡᠬᠦ ᠶᠢ ᠴᠢᠩᠭᠠᠷᠠᠭᠤᠯᠵᠤ᠂ ᠲᠣᠬᠢᠷᠠᠭᠤᠯᠬᠤ ᠶᠢ ᠴᠢᠩᠭᠠᠷᠠᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ︔ ᠲᠠᠪᠤ ᠳᠤ᠂ ᠰᠠᠨᠠᠭᠠᠴᠢᠯᠠᠭ᠎ᠠ ᠠᠴᠠ ᠪᠠᠨ ᠳᠡᠭᠡᠳᠦ ᠳᠣᠤᠷᠠᠳᠤ ᠱᠠᠲᠤ ᠯᠤᠭ᠎ᠠ ᠵᠤᠯᠭᠠᠯᠴᠠᠭᠤᠯᠤᠨ ᠵᠣᠬᠢᠴᠠᠭᠤᠯᠵᠤ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠦᠭᠬᠦ ᠬᠡᠷᠡᠭᠲᠡᠢ ᠭᠡᠵᠡᠢ᠃  3 ᠳ᠋ᠤᠭᠠᠷ ᠰᠠᠷ᠎ᠠ ᠶᠢᠨ 7 ᠤ ᠡᠳᠦᠷ᠂ ᠬᠤᠲᠠ ᠶᠢᠨ ᠤᠰᠤᠨ ᠤ ᠶᠠᠪᠤᠳᠠᠯ ᠤᠨ ᠲᠤᠪᠴᠢᠶ᠎ᠠ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠠᠵᠢᠯ  ᠢ ᠰᠤᠳᠤᠯᠤᠨ ᠪᠠᠶᠢᠷᠢᠯᠠᠭᠤᠯᠪᠠ︔ ᠠᠵᠢᠯ ᠨᠢᠭᠡᠪᠦᠷᠢ ᠶᠢᠨ ᠠᠷᠭ᠎ᠠ ᠮᠠᠶ᠋ᠢᠭ ᠪᠠ ᠠᠷᠭ᠎ᠠ ᠪᠠᠷᠢᠯ ᠢ ᠲᠣᠳᠣᠷᠬᠠᠶᠢᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠤᠭᠲᠠᠭᠠᠨ᠂ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠯᠡᠨ ᠬᠠᠮᠢᠶᠠᠷᠴᠤ᠂ ᠭᠤᠣᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠷ᠎ᠠ ᠪᠦᠷᠢ ᠳᠤᠬᠢᠷᠠᠭᠤᠯᠤᠨ ᠠᠬᠢᠭᠤᠯᠬᠤ ᠬᠡᠷᠡᠭᠲᠡᠢ ᠭᠡᠪᠡ᠃  ᠲᠣᠪᠴᠢᠶᠠᠨ ᠤ ᠳᠠᠷᠤᠭ᠎ᠠ ᠵᠠᠩ ᠢᠤᠢ ᠴᠢᠩ ᠴᠢᠬᠤᠯᠠᠴᠢᠯᠠᠬᠤ ᠳᠤ ᠪᠠᠨ᠂ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠡᠯ᠎ᠡ ᠲᠥᠷᠥᠯ ᠤᠨ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠶᠳᠪᠦᠷᠢᠯᠡᠵᠦ᠂ ᠲᠥᠷᠥᠯ ᠵᠦᠶᠯ ᠤᠨ ᠬᠠᠤᠯᠢ ᠶᠢᠨ ᠡᠷᠬᠡᠲᠡᠨ ᠢ ᠰᠢᠮᠳᠠᠭᠤᠯᠤᠨ ᠠᠵᠢᠯ ᠤᠨ ᠬᠠᠷᠠᠯᠲᠠ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠯᠬᠤᠮ ᠠᠯᠬᠤᠮ ᠢᠶᠠᠷ ᠠᠬᠢᠭᠤᠯᠤᠨ᠂ ᠨᠠᠩ ᠬᠦᠴᠦᠲᠡᠶ ᠨᠡᠩ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠤ᠂ ᠪᠥᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ 
 
ᠢᠷᠡᠯᠲᠡ᠄ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号