ᠠᠷᠠᠳ ᠤᠨ ᠡᠳᠦᠷ ᠤᠨ ᠰᠣᠨᠢᠨ ᠤ ᠭᠠᠳᠠᠭᠠᠳᠤ ᠬᠡᠪᠯᠡᠯ᠄ ᠪᠥᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ 90 % ᠳᠤ ᠬᠥᠷᠪᠡ
ᠨᠡᠶᠢᠲᠡᠯᠡᠭᠰᠡᠨ ᠴᠠᠭ᠄
2024/1/19
  ︽ᠠᠷᠠᠳ ᠤᠨ ᠡᠳᠦᠷ ᠤᠨ ᠰᠣᠨᠢᠨ ᠤ ᠭᠠᠳᠠᠭᠠᠳᠤ ᠬᠡᠪᠯᠡᠯ︾ ︵2024 ᠣᠨ ᠤ 01 ᠳ᠋ᠦ᠋ᠭᠡᠷ ᠰᠠᠷ᠎ᠠ ᠶᠢᠨ 13 ᠤ ᠡᠳᠦᠷ   03 ᠳ᠋ᠤᠭᠠᠷ ᠬᠡᠪᠯᠡᠯ︶  ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ 11 ᠤ ᠡᠳᠦᠷ 2024 ᠣᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ 2023 ᠣᠨ ᠤ ᠪᠥᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ 90 % ᠳᠤ ᠬᠦᠷᠴᠡᠶ᠃ ᠡᠨᠡ ᠨᠢ ᠪᠦᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠰᠡᠨ ᠨᠣᠷᠮ᠎ᠠ 88% ᠳᠤ ᠬᠦᠷᠴᠡᠶ᠃  2021 ᠣᠨ ᠤ 8 ᠳ᠋ᠤᠭᠠᠷ ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠲᠠᠢ ᠬᠠᠮᠲᠤᠷᠠᠨ ︽ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠲᠡᠶᠢᠰᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠪᠥᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠶᠢ 2025 ᠣᠨ ᠳᠤ 88% ᠳᠤ ᠬᠦᠷᠭᠡᠵᠦ᠂ 2035 ᠣᠨ ᠳᠤ ᠬᠥᠳᠡᠭᠡ ᠲᠣᠰᠬᠤᠨ ᠤ ᠤᠰᠤ ᠬᠠᠩᠭᠠᠬᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃  ᠤᠢᠢᠷ᠎ᠠ ᠶᠢᠨ ᠵᠢᠯ ᠠᠴᠠ᠂ ᠮᠠᠨ ᠤ ᠤᠯᠤᠰ ᠤᠨ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠤᠷᠮ᠎ᠠ ᠲᠠᠰᠤᠷᠠᠯᠳᠠ ᠦᠭᠡᠢ ᠳᠡᠭᠡᠭᠰᠢᠯᠡᠪᠡ᠃ ᠤᠰᠤᠨ ᠠᠰᠢᠭᠯᠠᠯᠲᠠ ᠶᠢᠨ ᠶᠠᠮᠤᠨ ᠤ ᠪᠦᠷᠢᠳᠬᠡᠯ ᠠᠴᠠ ᠦᠵᠡᠪᠡᠯ᠂ 2020 ᠣᠨ᠂ 2021 ᠣᠨ ᠪᠠ 2022 ᠣᠨ ᠤ ᠪᠥᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠲᠣᠰ ᠲᠣᠰ 83 %᠂ 84 % ᠪᠠ 87 % ᠪᠣᠯᠤᠨ᠎ᠠ᠃  ᠯᠢ ᠭᠦᠸᠧ ᠶᠢᠩ ᠢᠯᠡᠷᠬᠡᠶᠢᠯᠡᠬᠦ ᠳᠡᠭᠡᠨ᠂ 2024 ᠣᠨ ᠳᠤ᠂ ᠪᠥᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ 92 % ᠪᠣᠯᠲᠠᠯ᠎ᠠ ᠳᠡᠭᠡᠭᠰᠢᠯᠡᠵᠦ᠂ ᠬᠡᠪᠴᠢᠶᠡᠵᠢᠭᠦᠯᠦᠭᠰᠡᠨ ᠤᠰᠤ ᠬᠠᠩᠭᠠᠬᠤ ᠢᠨᠵᠧᠨᠧᠷᠢᠩ ᠤᠨ ᠬᠥᠳᠡᠭᠡ ᠲᠣᠰᠬᠤᠨ ᠤ ᠬᠥᠮᠦᠨ ᠠᠮᠠ ᠶᠢ ᠬᠠᠮᠤᠷᠤᠭᠰᠠᠨ ᠬᠠᠷᠢᠴᠠᠯ       63 % ᠳᠤ ᠬᠥᠷᠬᠦ ᠪᠣᠯᠤᠨ᠎ᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号