ᠡᠳ᠋ ᠤᠨ ᠵᠠᠰᠠᠭ ᠤᠨ ᠶᠠᠮᠤᠨ ᠥᠪᠥᠷ ᠮᠣᠩᠬᠤᠯ ᠳᠤ 10.38 ᠳ᠋ᠣᠩᠰᠢᠭᠤᠷ ᠲᠦᠭᠦᠷᠢᠭ ᠤᠨ ᠲᠥᠪ ᠤᠨ ᠤᠰᠤᠨ ᠠᠰᠢᠭᠯᠠᠯᠲᠠ ᠶᠢᠨ ᠬᠦᠭᠵᠢᠯᠲᠡ ᠶᠢᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠠᠢ
ᠨᠡᠶᠢᠲᠡᠯᠡᠭᠰᠡᠨ ᠴᠠᠭ᠄
2024/11/27
  ᠰᠤᠷᠪᠤᠯᠵᠢᠯᠠᠭᠴᠢ 11ᠳ᠋ᠦ᠋ᠭᠡᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠡᠳᠦᠷ᠂ ᠡᠳ᠋ ᠤᠨ ᠵᠠᠰᠠᠭ ᠤᠨ ᠶᠠᠮᠤᠨ ᠥᠪᠥᠷ ᠮᠣᠩᠭᠤᠯ ᠳᠤ 2025 ᠣᠨ ᠤ ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ 10.38 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ᠂ ᠳᠤᠮᠳᠠ ᠵᠢᠵᠢᠭ ᠭᠤᠣᠯ ᠮᠥᠷᠡᠨ ᠢ ᠵᠠᠰᠠᠬᠤ ᠵᠡᠷᠭᠡ ᠣᠯᠠᠨ ᠵᠦᠢᠯ ᠤᠨ ᠠᠵᠢᠯ ᠳᠤ ᠬᠡᠷᠡᠭᠯᠡᠭᠦᠯᠪᠡ᠃  ᠣᠶᠢᠯᠠᠭᠠᠭᠰᠠᠨ ᠢᠶᠠᠷ᠂ ᠰᠢᠯᠵᠢᠭᠦᠯᠦᠨ ᠥᠭᠬᠦ ᠲᠥᠰᠦᠪ ᠢ ᠬᠡᠷᠡᠭᠵᠢᠭᠦᠯᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠣᠷᠣᠨ ᠨᠤᠲᠤᠭ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠣᠶᠢᠷ᠎ᠠ ᠳᠤ ︽2025 ᠣᠨ ᠤ ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠯᠠ ᠮᠥᠩᠭᠦ ᠶᠢᠨ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠠᠷᠬᠠᠭᠠᠪᠠ᠃  ︽ᠮᠡᠳᠡᠭᠳᠡᠯ︾ ᠳᠤ᠂ 2025 ᠣᠨ ᠳᠤ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠯᠠ ᠮᠥᠩᠭᠦ ᠶᠢ ᠰᠢᠯᠵᠢᠭᠦᠯᠦᠨ ᠥᠭᠬᠦ ᠲᠥᠰᠦᠪ ᠢ ᠬᠡᠷᠡᠭᠵᠢᠭᠦᠯᠬᠦ ᠶᠢᠨ ᠬᠡᠪᠰᠢᠭᠰᠡᠨ ᠬᠢᠨᠠᠯᠲᠠ ᠲᠠᠯᠪᠢᠬᠤ ᠬᠡᠪᠴᠢᠶᠡᠨ ᠳᠤ ᠣᠷᠣᠭᠤᠯᠵᠤ᠂ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠤᠨ ᠰᠢᠯᠵᠢᠭᠦᠯᠦᠨ ᠥᠭᠬᠦ ᠶᠢ ᠬᠢᠨᠠᠨ ᠡᠵᠡᠮᠳᠡᠬᠦ ᠬᠡᠰᠡᠭ ᠲᠤ ᠲᠦᠰᠢᠭᠯᠡᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠭᠦᠯᠦᠨ ᠥᠭᠬᠦ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠵᠢᠷᠤᠮᠵᠢᠯᠳᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠮᠤᠵᠢ ᠨᠤᠭᠤᠳ ᠲᠥᠰᠦᠪ ᠤᠨ ᠬᠠᠤᠯᠢ ᠵᠢᠴᠢ ᠬᠡᠷᠡᠭᠵᠢᠭᠦᠯᠬᠦ ᠳᠦᠷᠢᠮ᠂ ᠤᠰᠤᠨ ᠠᠰᠢᠭᠯᠠᠯᠲᠠ ᠶᠢ ᠬᠥᠭᠵᠢᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠪᠡᠯᠡ ᠮᠥᠩᠭᠦ ᠶᠢᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠲᠠ ᠪᠠᠨ ᠦᠨᠡᠨ ᠬᠦ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃  ᠲᠣᠰ ᠤᠳᠠᠭ᠎ᠠ 10.38 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠤ᠂ ᠳᠣᠤᠷᠠᠬᠢ ᠬᠡᠳᠦᠨ ᠵᠦᠢᠯ ᠤᠨ ᠠᠵᠢᠯ ᠳᠤ ᠬᠡᠷᠡᠭᠯᠡᠪᠡ᠄ ᠳᠤᠮᠳᠠ ᠵᠢᠵᠢᠭ ᠭᠤᠤᠯ ᠮᠥᠷᠡᠨ ᠤ 11 ᠵᠤᠷᠪᠤᠰ ᠢ ᠵᠠᠰᠠᠵᠤ ᠂ ᠶᠡᠷᠦᠩᠬᠡᠶ ᠭᠤᠤᠯ ᠤᠨ ᠣᠷᠳᠣ ᠨᠢ 98.04 ᠺᠢᠯᠤᠮᠧᠲᠷ ᠲᠤ ᠬᠦᠷᠪᠡ︔ ᠤᠰᠤᠨ ᠤ ᠡᠬᠢ ᠰᠤᠷᠪᠤᠯᠵᠢ ᠶᠢ ᠰᠣᠯᠢᠬᠤ ᠢᠨᠵᠧᠨᠧᠷᠢᠩ ᠢ ᠥᠷᠨᠢᠭᠦᠯᠵᠦ᠂ ᠡᠵᠢ ᠭᠤᠣᠯ ︵ᠨᠠᠭᠤᠷ︶ ᠤᠨ ᠬᠢᠨᠠᠨ ᠬᠡᠮᠵᠢᠯᠲᠡ ᠶᠢᠨ ᠰᠢᠰᠲ᠋ᠧᠮ ᠢ 44 ᠪᠠᠶᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠨᠢ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠦᠯᠢᠭᠡᠷ ᠬᠡᠪ ᠤᠨ ᠬᠤᠳᠳᠤᠭ 652᠂ ᠪᠤᠰᠤᠳ ᠤᠰᠤ ᠲᠠᠲᠠᠬᠤ ᠠᠮᠠᠰᠠᠷ ᠤᠨ ᠤᠰᠤ ᠲᠠᠲᠠᠬᠤ ᠰᠦᠯᠵᠢᠶᠡᠨ ᠳᠡᠭᠡᠷᠡᠬᠢ ᠬᠡᠮᠵᠢᠯᠲᠡ ᠶᠢᠨ ᠡᠷᠦᠬᠡ ᠶᠢᠨ ᠲᠤᠭ᠎ᠠ 3649 ᠪᠤᠢ︔ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠥᠷᠨᠢᠭᠦᠯᠵᠦ᠂ ᠡᠩ ᠤᠨ ᠪᠤᠰᠤ ᠤᠰᠤᠨ ᠠᠰᠢᠭᠯᠠᠯᠲᠠ ᠶᠢᠨ ᠬᠡᠷᠡᠭᠯᠡᠬᠦ ᠴᠢᠳᠠᠪᠤᠷᠢ ᠶᠢ 2000 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠪᠡ︔ 40 ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠠᠰᠠᠭᠰᠠᠨ ᠲᠠᠯᠠᠪᠠᠢ 825 ᠲᠡᠭᠰᠢ ᠳᠥᠷᠪᠡᠯᠵᠢᠨ ᠺᠢᠯᠤᠮᠧᠲᠷ ᠲᠤ ᠬᠦᠷᠪᠡ᠃  ᠥᠪᠥᠷ ᠮᠣᠩᠭᠤᠯ ︽ᠮᠡᠳᠡᠭᠳᠡᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ ᠪᠠᠯᠠ ᠮᠥᠩᠭᠦ ᠶᠢ ᠡᠯ᠎ᠡ ᠠᠶᠢᠮᠠᠭ ᠬᠤᠲᠠ ᠳᠤ ᠤᠷᠢᠳᠴᠢᠯᠠᠨ ᠪᠠᠭᠤᠯᠭᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠬᠦᠴᠦᠨ ᠨᠡᠮᠡᠷᠢᠯᠡᠵᠦ᠂ ᠢᠨᠵᠧᠨᠧᠷᠢᠩ ᠤᠨ ᠦᠷ᠎ᠡ ᠠᠰᠢᠭ ᠢ ᠡᠷᠲᠡᠬᠡᠨ ᠪᠠᠳᠠᠷᠠᠭᠤᠯᠤᠨ᠎ᠠ᠃    ︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠭᠦᠯᠪᠡ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号