ᠠᠯᠠᠱᠠ ᠪᠠᠷᠠᠭᠤᠨ ᠬᠤᠰᠢᠭᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2024/12/2
  ᠠᠯᠠᠱᠠ ᠪᠠᠷᠠᠭᠤᠨ ᠬᠤᠰᠢᠭᠤ ᠡᠬᠡ ᠬᠠᠭᠤᠷᠠᠶ ᠶᠢᠨ ᠥᠨᠳᠦᠷᠯᠢᠭ ᠲᠤ ᠪᠠᠶᠢᠷᠢᠯᠠᠵᠤ᠂ ᠳᠤᠯᠠᠭᠠᠨ ᠪᠦᠰᠡᠲᠦ ᠡᠯᠡᠰᠦᠨ ᠴᠦᠯ ᠤᠨ ᠭᠠᠩ ᠬᠠᠭᠤᠷᠠᠶ ᠣᠷᠣᠨ ᠳᠤ ᠬᠠᠷᠢᠶᠠᠯᠠᠭᠳᠠᠵᠤ᠂ ᠭᠠᠩ ᠬᠠᠭᠰᠠᠷᠠᠭᠠᠨ ᠤ ᠨᠡᠶᠢᠲᠡᠯᠢᠭ ᠣᠨᠴᠠᠯᠢᠭ  ᠲᠠᠢ ᠪᠠᠶᠢᠵᠤ᠂ ᠵᠢᠯ ᠤᠨ ᠳᠤᠮᠳᠠᠴᠢ ᠬᠤᠷ᠎ᠠ ᠲᠣᠨᠣᠳᠠᠰᠤ ᠶᠢᠨ ᠬᠡᠮᠵᠢᠶ᠎ᠡ 100 ᠮᠢᠯᠢᠮᠧᠲᠷ ᠬᠦᠷᠬᠦ ᠦᠭᠡᠢ᠂ ᠠᠭᠤᠷᠰᠢᠯᠲᠠ ᠶᠢᠨ ᠬᠡᠮᠵᠢᠶ᠎ᠡ 4100 ᠮᠢᠯᠢᠮᠧᠲᠷ ᠲᠤ ᠬᠦᠷᠴᠦ᠂ ᠠᠮᠢ ᠠᠬᠤᠶ ᠬᠡᠪᠡᠷᠡᠭ ᠪᠠᠶᠢᠵᠤ᠂ ᠣᠷᠴᠢᠨ ᠲᠣᠭᠤᠷᠢᠨ ᠨᠢ ᠮᠠᠰᠢ ᠮᠠᠭᠤ ᠪᠠᠶᠢᠳᠠᠭ᠃ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 15543 ᠲᠦᠮᠡᠨ ᠺᠦᠪ ᠮᠧᠲᠷ ᠪᠠᠶᠢᠵᠤ᠂ ᠠᠰᠢᠭᠯᠠᠵᠤ ᠪᠣᠯᠬᠤ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠵᠥᠪᠬᠡᠨ 7306 ᠲᠦᠮᠡᠨ ᠺᠦᠪ ᠮᠧᠲᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠭᠠᠵᠠᠷ ᠤᠨ ᠨᠢᠭᠤᠷ ᠤᠨ ᠤᠷᠤᠰᠬᠠᠯ ᠦᠭᠡᠢ ᠬᠤᠰᠢᠭᠤ ᠰᠢᠶᠠᠨ ᠪᠠᠶᠢᠵᠤ᠂ ᠪᠣᠶ ᠪᠥᠬᠦᠶ ᠤᠰᠤ ᠬᠡᠷᠡᠭᠯᠡᠬᠦ ᠳᠤ ᠴᠥᠮ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠲᠤ ᠲᠦᠰᠢᠭᠯᠡᠵᠦ᠂ ︽ᠤᠰᠤᠨ ᠤ ᠬᠦᠴᠢᠷᠳᠡᠯ︾ ᠨᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠭᠤᠤᠯ ᠬᠦᠴᠦᠨ ᠵᠦᠢᠯ ᠪᠣᠯᠤᠭᠰᠠᠭᠠᠷ ᠢᠷᠡᠵᠡᠶ᠃ ᠣᠶᠢᠷ᠎ᠠ ᠶᠢᠨ ᠵᠢᠯ ᠳᠤ᠂ ᠠᠯᠠᠱᠠ ᠪᠠᠷᠠᠭᠤᠨ ᠬᠤᠰᠢᠭᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠪᠠᠷᠢᠮᠵᠢᠶ᠎ᠠ᠂ ᠪᠠᠲᠤᠯᠠᠭ᠎ᠠ ᠶᠢᠨ ᠴᠢᠳᠠᠪᠤᠷᠢ᠂ ᠶᠠᠰᠤ ᠴᠢᠨᠠᠷ ᠢ ᠪᠠᠲᠤᠯᠠᠬᠤ ᠶᠢ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠪᠠ᠃ 2023 ᠣᠨ ᠳᠤ᠂ ᠠᠯᠠᠱᠠ ᠪᠠᠷᠠᠭᠤᠨ ᠬᠤᠰᠢᠭᠤ ᠤᠰᠤᠨ ᠠᠰᠢᠭᠯᠠᠯᠲᠠ ᠶᠢᠨ ᠶᠠᠮᠤᠨ ᠤ ︽ᠵᠢᠷᠭᠤᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠰᠡᠨ ᠰᠢᠶᠠᠨ ︵ᠲᠣᠭᠤᠷᠢᠭ︶︾ ᠤ ᠴᠣᠯᠠ ᠶᠢ ᠬᠦᠷᠲᠡᠪᠡ᠃  ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠤᠰᠤ ᠠᠷᠪᠢᠯᠠᠬᠤ ᠶᠢ ᠤᠰᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠰᠢᠭᠯᠠᠬᠤ᠂ ᠬᠠᠮᠠᠭᠠᠯᠠᠬᠤ ᠶᠢᠨ ᠤᠷᠢᠲᠠᠯ ᠪᠣᠯᠭᠠᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠲᠠᠢ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠠᠬᠢᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠵᠤ᠂ ︽ᠠᠯᠠᠱᠠ ᠪᠠᠷᠠᠭᠤᠨ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠰᠢᠯᠭᠠᠨ ᠬᠢᠨᠠᠬᠤ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠤᠰᠤ ᠠᠪᠬᠤ ᠵᠥᠪᠰᠢᠶᠡᠷᠡᠯ ᠤᠨ ᠲᠦᠷᠢᠮ ᠢ ᠴᠢᠩᠭ᠎ᠠ ᠬᠡᠷᠡᠭᠵᠢᠭᠦᠯᠦᠨ᠂ ᠪᠣᠳᠠᠲᠠᠶ ᠪᠠᠶᠢᠳᠠᠯ ᠢ ᠦᠨᠳᠦᠰᠦᠯᠡᠨ ᠤᠰᠤ ᠠᠪᠴᠤ ᠬᠡᠷᠡᠭᠯᠡᠬᠦ ᠶᠢ ᠡᠵᠡᠮᠳᠡᠬᠦ ᠭᠦᠢᠴᠡᠳᠬᠡᠯ ᠲᠤᠭ᠎ᠠ ᠶᠢ ᠱᠠᠲᠤ ᠳᠠᠷᠠᠭᠠᠯᠠᠨ ᠵᠠᠳᠠᠯᠵᠤ᠂ 7 ᠰᠤᠮᠤ ᠪᠠᠯᠭᠠᠰᠤᠨ ᠤ 40 ᠭᠠᠴᠠᠭ᠎ᠠ ᠬᠦᠷᠲᠡᠯ᠎ᠡ ᠪᠠᠭᠤᠯᠭᠠᠵᠤ᠂ ᠪᠣᠳᠠᠲᠠᠶ ᠤᠰᠤ ᠠᠪᠬᠤ ᠬᠡᠮᠵᠢᠶ᠎ᠡ ᠶᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠴᠢᠩᠭ᠎ᠠ ᠬᠠᠮᠢᠶᠠᠷᠤᠨ ᠡᠵᠡᠮᠳᠡᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃  ᠬᠤᠶᠠᠷ ᠲᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤᠨ ᠤ ᠡᠬᠢ ᠪᠠᠶᠠᠯᠢᠭ ᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠲᠠᠷᠢᠶᠠᠯᠠᠩ ᠤᠨ ᠤᠰᠤ ᠠᠷᠪᠢᠯᠠᠬᠤ ᠲᠠᠯ᠎ᠠ ᠪᠠᠷ᠂ ᠲᠠᠷᠢᠮᠠᠯ ᠲᠠᠷᠢᠬᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ 4.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠲᠠᠰ ᠳᠡᠪᠰᠢᠭᠦᠯᠪᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠭᠡᠷᠡᠴᠢᠯᠡᠯᠲᠡ ᠶᠢᠨ ᠲᠠᠯᠠᠪᠠᠶ ᠶᠢ ᠨᠡᠶᠢᠲᠡ 4.585 ᠲᠦᠮᠡᠨ ᠮᠥ ᠪᠡᠶᠡᠯᠡᠭᠦᠯᠵᠦ᠂ ᠡᠭᠦᠨ ᠳᠤ ᠤᠰᠤ ᠠᠷᠪᠢᠯᠠᠬᠤ ᠦᠷ᠎ᠡ ᠪᠦᠲᠦᠮᠵᠢ ᠨᠢ ᠢᠯᠡᠷᠬᠡᠶ ᠪᠠᠶᠢᠵᠤ᠂ 2024 ᠣᠨ ᠳᠤ 11.35 ᠲᠦᠮᠡᠨ ᠺᠦᠪ ᠮᠧᠲᠷ ᠤᠰᠤ ᠠᠷᠪᠢᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠢᠯᠡᠳᠬᠡᠮᠵᠢ ᠶᠢ 0.685 ᠳᠤ ᠬᠦᠷᠦᠭᠦᠯᠪᠡ ᠃ ᠤᠰᠤ ᠠᠷᠪᠢᠯᠠᠬᠤ ᠦᠷ᠎ᠡ ᠪᠦᠲᠦᠮᠵᠢ ᠶᠢ ᠦᠨᠳᠦᠰᠦᠯᠡᠨ 54 ᠲᠦᠮᠡᠨ ᠲᠥᠭᠦᠷᠢᠭ ᠤᠨ ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ ᠤᠰᠤ ᠠᠷᠪᠢᠯᠠᠬᠤ ᠨᠥᠬᠦᠪᠥᠷᠢ ᠪᠠ ᠤᠨᠢᠨ ᠳᠡᠭᠡᠷ᠎ᠡ ᠨᠢ ᠱᠠᠩᠨᠠᠬᠤ ᠳᠤ ᠬᠡᠷᠡᠭᠯᠡᠵᠦ᠂ ᠤᠯᠠᠨ ᠲᠦᠮᠡᠨ ᠤ ᠤᠰᠤ ᠠᠷᠪᠢᠯᠠᠬᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠪᠡ᠃ ᠠᠵᠤ ᠦᠢᠯᠡᠳᠪᠦᠷᠢ ᠶᠢᠨ ᠤᠰᠤ ᠠᠷᠪᠢᠯᠠᠬᠤ ᠲᠠᠯ᠎ᠠ ᠪᠠᠷ ᠂ ᠨᠡᠭᠦᠷᠡᠰᠦᠨ ᠳᠠᠪᠬᠤᠷᠭ᠎ᠠ ᠶᠢᠨ ᠤᠰᠤ᠂ ᠳᠤᠮᠳᠠᠬᠢ ᠤᠰᠤ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠶᠡᠬᠡᠪᠡᠷ ᠠᠬᠢᠭᠤᠯᠵᠤ᠂ ᠲᠠᠩᠰᠤᠭ ᠪᠣᠯᠠᠭ ᠰᠤᠮᠤ ᠶᠢᠨ ᠵᠢᠯ ᠪᠦᠷᠢ ᠶᠢᠨ ᠤᠰᠤ ᠬᠠᠩᠭᠠᠬᠤ ᠲᠥᠷᠥᠯ ᠵᠦᠢᠯ ᠢ ᠬᠡᠷᠡᠭᠵᠢᠭᠦᠯᠦᠨ᠂ ᠨᠡᠭᠦᠷᠡᠰᠦᠨ ᠳᠠᠪᠬᠤᠷᠭ᠎ᠠ ᠶᠢᠨ ᠤᠰᠤ᠂ ᠳᠤᠮᠳᠠᠬᠢ ᠤᠰᠤᠨ ᠤ ᠠᠰᠢᠭᠯᠠᠯᠲᠠ ᠶᠢᠨ ᠨᠣᠷᠮ᠎ᠠ ᠶᠢ ᠨᠡᠮᠡᠭᠳᠡᠭᠦᠯᠵᠦ᠂ ᠪᠥᠬᠦ ᠬᠤᠰᠢᠭᠤᠨ ᠤ ᠡᠩ ᠤᠨ ᠪᠤᠰᠤ ᠤᠰᠤᠨ ᠠᠰᠢᠭᠯᠠᠯᠲᠠ ᠶᠢᠨ ᠬᠡᠷᠡᠭᠯᠡᠬᠦ ᠬᠡᠮᠵᠢᠶ᠎ᠡ ᠶᠢ 105 ᠲᠦᠮᠡᠨ ᠺᠦᠪ ᠮᠧᠲᠷ ᠲᠤ ᠬᠦᠷᠦᠭᠦᠯᠪᠡ᠃ ᠬᠤᠲᠠ ᠪᠠᠯᠭᠠᠰᠤ ᠶᠢᠨ ᠤᠰᠤ ᠠᠷᠪᠢᠯᠠᠬᠤ ᠲᠠᠯ᠎ᠠ ᠪᠠᠷ᠂ ᠬᠤᠲᠠ ᠪᠠᠯᠭᠠᠰᠤ ᠶᠢᠨ ᠤᠰᠤ ᠬᠠᠩᠭᠠᠬᠤ ᠲᠣᠤᠷ ᠲᠣᠭᠤᠷᠢᠬᠤ ᠶᠢ ᠥᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 2385 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠨᠣᠷᠮ᠎ᠠ ᠶᠢ 10% ᠶᠢᠨ ᠳᠣᠲᠣᠷ᠎ᠠ ᠴᠢᠩᠭ᠎ᠠ ᠬᠢᠵᠠᠭᠠᠷᠯᠠᠪᠠ᠃ ᠤᠰᠤᠨ ᠤ ᠰᠦᠢᠳᠬᠡᠯ ᠢ ᠬᠤᠷᠢᠶᠠᠨ ᠠᠪᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ ᠰᠤᠮᠤ ᠪᠠᠯᠭᠠᠰᠤ ᠶᠢᠨ ᠠᠳᠠᠯᠢ ᠪᠤᠰᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠠᠭᠤᠭᠠᠯᠢ ᠠᠷᠠᠳ ᠤᠨ ᠤᠰᠤᠨ ᠤ ᠦᠨ᠎ᠡ ᠬᠠᠩᠰᠢ᠂ ᠰᠠᠭᠤᠭᠠᠯᠢ ᠠᠷᠠᠳ ᠤᠨ ᠪᠤᠰᠤ ᠡᠳ᠋ ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠤᠰᠤ ᠠᠷᠪᠢᠯᠠᠬᠤ ᠲᠠᠯ᠎ᠠ ᠪᠠᠷ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠪᠣᠳᠣᠯᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠶᠢᠵᠢᠭᠤᠯᠤᠯᠲᠠ ᠳᠤ ᠵᠠᠭ ᠲᠠᠷᠢᠬᠤ ᠪᠠᠷ ᠭᠤᠤᠯ ᠪᠣᠯᠭᠠᠭᠰᠠᠨ ᠭᠠᠩ ᠬᠠᠭᠰᠠᠷᠠᠭᠠᠨ ᠲᠠᠢ ᠲᠡᠮᠡᠴᠡᠬᠦ ᠴᠢᠨᠠᠷᠲᠠᠶ᠂ ᠰᠥᠷᠬᠦ ᠴᠢᠨᠠᠷ ᠢᠶᠠᠷ ᠴᠢᠩᠭ᠎ᠠ ᠨᠤᠲᠤᠭ ᠤᠨ ᠪᠤᠳᠠ ᠮᠣᠳᠣᠨ ᠤ ᠲᠥᠷᠥᠯ ᠢ ᠰᠣᠩᠭᠤᠵᠤ᠂ ᠨᠦᠬᠡ ᠶᠢᠨ ᠬᠡᠯᠪᠡᠷᠢ ᠪᠠᠷ ᠭᠠᠵᠠᠷ ᠲᠡᠭᠰᠢᠯᠡᠬᠦ᠂ ᠤᠰᠤᠯᠠᠭᠰᠠᠨ ᠤ ᠳᠠᠷᠠᠭ᠎ᠠ ᠬᠥᠷᠥᠰᠥ ᠶᠢ ᠴᠢᠬᠢᠭ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠤᠰᠤᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠠᠭᠤᠷᠰᠢᠯᠲᠠ ᠶᠢᠨ ᠬᠡᠮᠵᠢᠶ᠎ᠡ ᠶᠢ ᠪᠠᠭᠤᠷᠠᠭᠤᠯᠪᠠ᠃  ᠭᠤᠷᠪᠠ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ︽ᠤᠰᠤᠨ ᠤ ᠬᠦᠴᠢᠷᠳᠡᠯ︾ ᠤᠨ ᠪᠣᠭᠤᠮᠢ ᠬᠢᠵᠠᠭᠠᠷᠯᠠᠯ ᠢ ᠰᠠᠨᠠᠭᠠᠴᠢᠯᠠᠭ᠎ᠠ ᠠᠴᠠ ᠪᠠᠨ ᠠᠷᠢᠯᠭᠠᠪᠠ᠃ ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠠᠬᠤᠶ ᠨᠡᠶᠢᠭᠡᠮ ᠪᠣᠯᠤᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ ᠪᠣᠭᠤᠮᠢ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠳᠤ 1000 ᠲᠦᠮᠡᠨ ᠺᠦᠪ ᠮᠧᠲᠷ ᠬᠠᠲᠤᠨ ᠭᠤᠤᠯ ᠤᠨ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠴᠢᠷᠮᠠᠶᠢᠨ ᠣᠯᠤᠨ᠎ᠠ᠃ ᠤᠷᠲᠤ ᠬᠤᠭᠤᠴᠠᠭ᠎ᠠ ᠪᠠᠷ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠤᠲᠠᠯᠠᠵᠤ᠂ ᠶᠡᠭᠡ ᠲᠦᠷᠭᠡᠨ ᠭᠤᠤᠯ ᠳᠤ ᠤᠰᠤ ᠲᠠᠳᠠᠬᠤ᠂ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠵᠡᠷᠭᠡ ᠰᠠᠪᠠ ᠭᠠᠵᠠᠷ ᠠᠯᠤᠰᠯᠠᠨ ᠤᠰᠤ ᠲᠠᠲᠠᠬᠤ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠵᠦ᠂ ᠬᠤᠰᠢᠭᠤᠨ ᠤ ᠬᠡᠪᠴᠢᠶᠡᠨ ᠳᠠᠬᠢ ᠭᠠᠵᠠᠷ ᠰᠢᠷᠣᠶ᠂ ᠴᠡᠪᠡᠷ ᠡᠨᠧᠷᠭᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠠᠮᠢ ᠠᠬᠤᠶ ᠶᠢᠨ ᠵᠢᠭᠤᠯᠴᠢᠯᠠᠯ ᠵᠡᠷᠭᠡ ᠳᠠᠪᠠᠭᠤᠯᠢᠭ ᠢ ᠭᠦᠢᠴᠡᠳ ᠠᠰᠢᠭᠯᠠᠨ ᠡᠷᠬᠢᠨ ᠲᠣᠭᠤᠷᠢᠨ ᠤ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢ ᠳᠣᠭᠢᠷᠠᠭᠤᠯᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠪᠠᠶᠢᠩᠭᠤᠵᠢᠭᠤᠯᠤᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠬᠢᠭᠤᠯᠵᠤ᠂ ᠤᠰᠤ ᠬᠡᠷᠡᠭᠯᠡᠵᠦ ᠪᠣᠯᠬᠤ ᠶᠡᠷᠦᠩᠬᠡᠶ ᠬᠡᠮᠵᠢᠶ᠎ᠡ ᠶᠢ ᠥᠷᠭᠡᠳᠬᠡᠨ᠎ᠡ᠃ ᠪᠣᠷᠣᠭᠠᠨ ᠦᠶᠡᠷ ᠤᠨ ᠡᠬᠢ ᠪᠠᠶᠠᠯᠢᠭ ᠤᠨ ᠠᠰᠢᠭᠯᠠᠮᠵᠢ ᠶᠢ ᠨᠡᠮᠡᠭᠳᠡᠭᠦᠯᠵᠦ᠂ ᠨᠢᠭᠡ ᠪᠦᠯᠦᠭ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠳᠤ ᠵᠢᠵᠢᠭ ᠬᠡᠯᠪᠡᠷᠢ ᠶᠢᠨ ᠤᠰᠤ ᠬᠠᠳᠠᠭᠠᠯᠠᠬᠤ ᠴᠥᠭᠦᠷᠥᠮ ᠪᠠᠶᠢᠭᠤᠯᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠤᠰᠤᠨ ᠴᠥᠭᠦᠷᠥᠮ ᠤᠨ ᠤᠰᠤ ᠬᠠᠳᠠᠭᠠᠯᠠᠵᠤ ᠤᠰᠤ ᠶᠢ ᠪᠠᠲᠤᠯᠠᠬᠤ ᠴᠢᠳᠠᠮᠵᠢ ᠶᠢ ᠴᠢᠩᠭᠠᠳᠬᠠᠨ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃  ᠲᠦᠷᠪᠡ ᠳᠤ᠂ ᠰᠢᠰᠲ᠋ᠧᠮ ᠲᠠᠢ ᠵᠠᠰᠠᠯᠲᠠ ᠶᠢ ᠴᠢᠩᠭᠠᠳᠬᠠᠵᠤ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠠᠪᠴᠠᠩ ᠤᠨ ᠬᠤᠯᠪᠣᠯᠳᠤᠨ ᠵᠣᠬᠢᠴᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠵᠢᠯ ᠪᠠ ᠭᠤᠣᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠣᠭᠲᠠᠭᠠᠯ ᠠᠴᠠ ᠵᠥᠷᠢᠴᠡᠨ ᠤᠰᠤ ᠠᠪᠬᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠴᠧᠨ ᠵᠢᠶᠠ ᠵᠢᠩ ᠤᠰᠤᠯᠠᠯᠲᠠ ᠶᠢᠨ ᠣᠷᠣᠨ ᠤ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠢ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠲᠠᠷᠢᠶᠠᠨ ᠭᠠᠵᠠᠷ ᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠯᠠᠯᠲᠠ ᠶᠢᠨ ᠣᠷᠣᠨ ᠤ ᠭᠠᠵᠠᠷ ᠳᠣᠤᠷᠠᠬᠢ ᠤᠰᠤᠨ ᠤ ᠤᠰᠤᠨ ᠲᠦᠪᠰᠢᠨ᠂ ᠤᠰᠤᠨ ᠤ ᠬᠡᠮᠵᠢᠶ᠎ᠡ ᠶᠢ ᠮᠠᠯᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠦᠨ᠎ᠡ᠃ 2023 ᠣᠨ ᠠᠴᠠ ᠨᠠᠭᠠᠰᠢ᠂ ᠭᠠᠵᠠᠷ ᠰᠢᠷᠣᠶ ᠶᠢ ᠪᠤᠴᠠᠭᠠᠵᠤ ᠤᠰᠤ ᠪᠠᠭᠠᠰᠬᠠᠬᠤ᠂ ᠡᠭᠡᠯᠵᠢᠯᠡᠨ ᠰᠡᠯᠭᠦᠨ ᠬᠠᠭᠠᠯᠪᠤᠷᠢᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠤᠶᠠᠷ ᠵᠢᠯ ᠳᠠᠷᠠᠭᠠᠯᠠᠨ ᠬᠡᠷᠡᠭᠵᠢᠭᠦᠯᠵᠦ᠂ 58 ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠵᠦ᠂ 1.9 ᠲᠦᠮᠡᠨ ᠮᠥ ᠡᠭᠡᠯᠵᠢᠯᠡᠨ ᠰᠡᠯᠭᠦᠨ ᠬᠠᠭᠠᠯᠪᠤᠷᠢᠯᠠᠵᠤ᠂ ᠴᠧᠨ ᠵᠢᠶᠠ ᠵᠢᠩ ᠤᠨ ᠤᠰᠤᠯᠠᠯᠲᠠ ᠶᠢᠨ ᠣᠷᠣᠨ ᠤ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ 359 ᠲᠦᠮᠡᠨ ᠺᠦᠪ ᠮᠧᠲᠷ ᠤᠨ ᠳᠣᠲᠣᠷ᠎ᠠ ᠴᠢᠩᠭ᠎ᠠ ᠬᠢᠵᠠᠭᠠᠷᠯᠠᠪᠠ᠃  ᠲᠠᠪᠤ ᠳᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠤᠰᠤ ᠠᠷᠪᠢᠯᠠᠵᠤ ᠤᠰᠤ ᠶᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠪᠠᠷ ᠲᠣᠬᠢᠶᠠᠯ ᠪᠣᠯᠭᠠᠵᠤ᠂ ᠤᠰᠤ ᠠᠷᠪᠢᠯᠠᠬᠤ ᠬᠡᠯᠪᠡᠷᠢ ᠶᠢᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ ᠬᠤᠰᠢᠭᠤᠨ ᠳᠤ ᠤᠰᠤ ᠠᠷᠪᠢᠯᠠᠬᠤ ᠬᠡᠯᠪᠡᠷᠢ ᠶᠢᠨ ᠨᠢᠭᠡᠴᠢ 76 ᠡᠷᠦᠬᠡ᠂ ᠤᠰᠤ ᠠᠷᠪᠢᠯᠠᠬᠤ ᠬᠡᠯᠪᠡᠷᠢ ᠶᠢᠨ ᠰᠠᠭᠤᠭᠠᠯᠢ ᠠᠷᠠᠳ ᠤᠨ ᠲᠣᠭᠤᠷᠢᠭ᠂ ᠤᠰᠤ ᠠᠷᠪᠢᠯᠠᠬᠤ ᠬᠡᠯᠪᠡᠷᠢ ᠶᠢᠨ 5 ᠠᠵᠤ ᠠᠬᠤᠶᠢᠯᠠᠯ᠂ 5 ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠪᠠ᠃ 100 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠰᠤ ᠠᠷᠪᠢᠯᠠᠬᠤ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠲᠠᠯᠠᠪᠤᠷ᠂ ᠰᠠᠭᠤᠭᠠᠯᠢ ᠠᠷᠠᠳ ᠤᠨ ᠲᠣᠭᠤᠷᠢᠭ ᠪᠣᠯᠤᠨ ᠪᠠᠶᠢᠭᠤᠯᠭ᠎ᠠ ᠨᠢᠭᠡᠴᠢ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠴᠥᠮ ᠤᠰᠤ ᠠᠷᠪᠢᠯᠠᠬᠤ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠶ᠃ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠵᠡᠷᠭᠡ ᠴᠢᠬᠤᠯᠠ ᠴᠠᠭ ᠬᠤᠭᠤᠴᠠᠭᠠᠨ ᠳᠤ᠂ ᠤᠰᠤ ᠠᠷᠪᠢᠯᠠᠬᠤ ᠭᠤᠤᠯ ᠰᠡᠳᠦᠪᠲᠦ ᠤᠷᠠᠨ ᠵᠢᠷᠤᠭ ᠤᠨ ᠤᠷᠤᠯᠳᠤᠭᠠᠨ᠂ ᠨᠡᠶᠢᠭᠡᠮ ᠲᠣᠭᠤᠷᠢᠭ ᠲᠤ ᠣᠷᠣᠵᠤ ᠤᠬᠠᠭᠤᠯᠭ᠎ᠠ ᠶᠢᠨ ᠳᠡᠪᠲᠡᠷ᠂ ᠲᠤᠰᠬᠠᠶ ᠰᠡᠳᠦᠪᠲᠦ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠪᠡᠭ ᠪᠠᠶᠠᠯᠢᠭ ᠣᠯᠠᠨ ᠶᠠᠩᠵᠤ ᠶᠢᠨ᠂ ᠪᠠᠶᠠᠷ ᠴᠡᠩᠭᠡᠯ ᠳᠤ ᠠᠬᠤᠭᠤᠯᠬᠤ ᠬᠡᠯᠪᠡᠷᠢ ᠪᠠᠷ ᠤᠰᠤ ᠠᠷᠪᠢᠯᠠᠬᠤ ᠰᠣᠶᠣᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠰᠤ ᠠᠷᠪᠢᠯᠠᠬᠤ ᠮᠡᠳᠡᠯᠭᠡ ᠶᠢ ᠬᠦᠴᠦᠲᠡᠶ ᠤᠯᠠᠮᠵᠢᠯᠠᠵᠤ᠂ ᠤᠰᠤ ᠠᠷᠪᠢᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠪᠥᠬᠦ ᠨᠡᠶᠢᠭᠡᠮ ᠤᠨ ᠤᠰᠤ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ 
 
ᠢᠷᠡᠯᠲᠡ᠄ ᠠᠯᠠᠱᠠ ᠪᠠᠷᠠᠭᠤᠨ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号