ᠦᠬᠠᠶ ᠬᠤᠲᠠ ᠠᠩᠬ᠎ᠠ ᠤᠳᠠᠭ᠎ᠠ 500 ᠲᠦᠮᠡᠨ ᠲᠥᠭᠦᠷᠢᠭ ᠤᠨ ︽ᠤᠰᠤᠨ ᠤ ᠡᠷᠬᠡ ᠶᠢᠨ ᠵᠢᠭᠡᠯᠡᠯᠭᠡ ︾ ᠲᠠᠷᠬᠠᠭᠠᠪᠠ
ᠨᠡᠶᠢᠲᠡᠯᠡᠭᠰᠡᠨ ᠴᠠᠭ᠄
2024/12/2
  11 ᠳ᠋ᠦ᠋ᠭᠡᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠦᠬᠠᠶ ᠬᠤᠲᠠ ᠤᠰᠤᠨ ᠠᠰᠢᠭᠯᠠᠯᠲᠠ ᠶᠢᠨ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠬᠤᠷᠠᠯ ᠵᠢᠴᠢ ︽ᠤᠰᠤᠨ ᠤ ᠡᠷᠬᠡ ᠶᠢᠨ ᠵᠢᠭᠡᠯᠡᠯᠭᠡ︾ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠮᠧᠩ ᠱᠠᠩ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠦᠬᠠᠶ ᠬᠤᠲᠠ ᠶᠢᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠪᠣᠯᠤᠨ ᠦᠬᠠᠶ ᠶᠢᠨ ᠯᠠᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ︽ᠤᠰᠤᠨ ᠤ ᠡᠷᠬᠡ ᠶᠢᠨ ᠵᠢᠭᠡᠯᠡᠯᠭᠡ︾ ᠶᠢᠨ ᠭᠡᠷ᠎ᠡ ᠲᠣᠭᠲᠠᠵᠤ᠂ ᠦᠬᠠᠶ ᠬᠤᠲᠠ ᠶᠢᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠠᠴᠠ ᠪᠠᠲᠤᠯᠠᠭ᠎ᠠ ᠶᠢᠨ ᠳᠠᠭᠠᠭᠠᠯᠲᠠ ᠬᠠᠩᠭᠠᠵᠤ᠂ ᠯᠠᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠬᠠᠲᠤᠨ ᠭᠤᠤᠯ ᠤᠨ 24.62 ᠲᠦᠮᠡᠨ ᠺᠦᠪ ᠮᠧᠲᠷ ᠤᠨ ᠤᠰᠤᠨ ᠤ ᠡᠷᠬᠡ ᠶᠢᠨ ᠵᠢᠭᠡᠯᠡᠯᠭᠡ ᠪᠠᠷ ᠳᠠᠮᠵᠢᠭᠤᠯᠤᠨ 500 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ︽ᠦᠬᠦᠮᠡᠯ︾ ᠤᠰᠤᠨ ᠤ ᠡᠬᠢ ᠪᠠᠶᠠᠯᠢᠭ ᠢ ᠮᠥᠩᠭᠦᠨ ᠭᠦᠢᠯᠭᠡᠭᠡᠨ ᠤ ︽ᠠᠮᠢᠳᠤ ᠤᠰᠤ︾ ᠪᠣᠯᠭᠠᠨ ᠠᠮᠵᠢᠯᠲᠠᠲᠠᠶ ᠬᠤᠪᠢᠷᠠᠭᠤᠯᠵᠤ᠂ ᠠᠵᠤ ᠠᠬᠤᠶᠢᠯᠠᠯ ᠤᠨ ᠪᠠᠯᠠ ᠮᠥᠩᠭᠦ ᠳᠤᠲᠠᠭᠳᠠᠵᠤ ᠪᠠᠶᠢᠭ᠎ᠠ ᠪᠠᠴᠢᠮ ᠪᠠᠶᠢᠳᠠᠯ ᠢ ᠲᠠᠶᠢᠯᠵᠤ᠂ ᠪᠣᠬᠢᠷᠲᠤᠯ ᠥᠬᠡᠶ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠰᠤᠨ ᠤ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠬᠡᠮᠵᠢᠶᠡᠵᠢᠭᠦᠯᠵᠦ᠂ ᠬᠡᠷᠡᠭᠵᠢᠭᠦᠯᠵᠦ ᠪᠣᠯᠬᠤ ᠶᠢ ᠪᠡᠶᠡᠯᠡᠭᠦᠯᠪᠡ᠃  ᠣᠶᠢᠷ᠎ᠠ ᠶᠢᠨ ᠵᠢᠯ ᠤᠨ ᠲᠤᠷᠰᠢ᠂ ᠦᠬᠠᠶ ᠬᠤᠲᠠ ᠤᠰᠤᠨ ᠤ ᠡᠬᠢ ᠪᠠᠶᠠᠯᠢᠭ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠪᠠᠯᠠ ᠮᠥᠩᠭᠦ ᠪᠣᠯᠭᠠᠨ ᠬᠤᠪᠢᠷᠠᠭᠤᠯᠵᠤ᠂ ᠡᠳ᠋ ᠬᠥᠷᠥᠩᠭᠡ ᠶᠢ ᠬᠥᠷᠥᠩᠭᠡ ᠪᠣᠯᠭᠠᠨ ᠬᠤᠪᠢᠷᠠᠭᠤᠯᠵᠤ᠂ ᠤᠰᠤᠨ ᠤ ᠡᠷᠬᠡ ᠶᠢ ᠳᠠᠨᠵᠢᠯᠠᠵᠤ ᠵᠢᠭᠡᠯᠡᠯᠭᠡ ᠲᠠᠯᠪᠢᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠦᠨ ᠥᠷᠨᠢᠭᠦᠯᠵᠦ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ ᠢ ᠡᠬᠢᠯᠡᠭᠦᠯᠪᠡ᠃ ︽ᠤᠰᠤᠨ ᠤ ᠡᠷᠬᠡ ᠶᠢᠨ ᠵᠢᠭᠡᠯᠡᠯᠭᠡ︾ ᠭᠡᠳᠡᠭ ᠨᠢ ᠠᠵᠤ ᠠᠬᠤᠶᠢᠯᠠᠯ ᠤᠨ ᠪᠠᠶᠢᠭ᠎ᠠ ᠤᠰᠤ ᠲᠠᠲᠠᠬᠤ ᠡᠷᠬᠡ ᠪᠤᠶᠤ ᠤᠰᠤᠨ ᠤ ᠡᠷᠬᠡ ᠶᠢᠨ ᠠᠷᠠᠯᠵᠢᠶᠠᠨ ᠤ ᠦᠨᠡᠮᠯᠡᠯ ᠢᠶᠠᠷ ᠳᠠᠨᠵᠢᠯᠠᠵᠤ᠂ ᠪᠠᠩᠬᠢ ᠳᠤ ᠵᠢᠭᠡᠯᠡᠯᠭᠡ ᠭᠤᠶᠤᠴᠢᠯᠠᠬᠤ ᠨᠢᠭᠡ ᠵᠦᠢᠯ ᠤᠨ ᠰᠢᠨ᠎ᠡ ᠬᠡᠯᠪᠡᠷᠢ ᠶᠢᠨ ᠵᠦᠶ ᠶᠣᠰᠣᠨ ᠤ ᠮᠥᠩᠭᠦᠨ ᠭᠦᠢᠯᠭᠡᠭᠡᠨ ᠤ ᠨᠡᠷᠡᠳᠬᠦᠨ ᠢ ᠵᠢᠭᠠᠵᠤ ᠪᠣᠶ᠂ ᠭᠤᠤᠯᠳᠠᠭᠤ ᠳᠡᠮᠵᠢᠬᠦ ᠬᠡᠪᠴᠢᠶ᠎ᠡ ᠨᠢ ᠦᠬᠠᠶ ᠬᠤᠲᠠ ᠶᠢᠨ ᠳᠣᠲᠣᠷᠠᠬᠢ ᠨᠢᠭᠡᠨᠲᠡ ᠬᠠᠤᠯᠢ ᠶᠣᠰᠣᠭᠠᠷ ᠤᠰᠤ ᠠᠪᠬᠤ ᠵᠥᠪᠰᠢᠶᠡᠷᠡᠯ ᠤᠨ ᠦᠨᠡᠮᠯᠡᠯ᠂ ᠤᠰᠤᠨ ᠤ ᠡᠷᠬᠡ ᠶᠢᠨ ᠠᠷᠠᠯᠵᠢᠶᠠᠨ ᠤ ᠦᠨᠡᠮᠯᠡᠯ ᠣᠯᠤᠭᠰᠠᠨ ᠪᠤᠶᠤ ᠬᠤᠲᠠ ᠶᠢᠨ ᠵᠠᠰᠠᠭ ᠤᠨ ᠣᠷᠳᠣᠨ ᠤ ᠤᠰᠤᠨ ᠤ ᠡᠷᠬᠡ ᠶᠢ ᠠᠷᠠᠯᠵᠢᠶᠠᠯᠠᠬᠤ ᠶᠢ ᠵᠥᠪᠰᠢᠶᠡᠷᠡᠭᠰᠡᠨ ᠠᠵᠤ ᠠᠬᠤᠶᠢᠯᠠᠯ ᠢ ᠵᠢᠭᠠᠵᠤ ᠪᠣᠶ᠂ ᠭᠤᠤᠯᠳᠠᠭᠤ ᠤᠰᠤᠨ ᠤ ᠡᠷᠬᠡ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠦᠷᠢᠶ᠎ᠡ ᠬᠡᠪᠴᠢᠶᠡᠨ ᠳᠤ ᠬᠡᠷᠡᠭᠯᠡᠵᠦ᠂ ᠪᠠᠰᠠ ᠡᠷᠭᠢᠯᠲᠡ ᠶᠢᠨ ᠪᠠᠯᠠ ᠮᠥᠩᠭᠦ ᠶᠢᠨ ᠵᠢᠭᠡᠯᠡᠯᠭᠡ᠂ ᠲᠣᠭᠲᠠᠮᠠᠯ ᠬᠥᠷᠥᠩᠭᠡ ᠶᠢᠨ ᠵᠢᠭᠡᠯᠡᠯᠭᠡ᠂ ᠡᠯ᠎ᠡ ᠲᠥᠷᠥᠯ ᠤᠨ ᠠᠷᠠᠯᠵᠢᠶᠠᠨ ᠤ ᠪᠠᠯᠠ ᠲᠣᠬᠢᠷᠠᠭᠤᠯᠭ᠎ᠠ᠂ ᠫᠢᠶᠣᠣ ᠪᠠᠷᠢᠮᠲᠠ᠂ ᠪᠠᠲᠤᠯᠠᠭ᠎ᠠ ᠶᠢᠨ ᠵᠠᠬᠢᠳᠠᠯ ᠵᠡᠷᠭᠡ ᠳᠤ ᠬᠡᠷᠡᠭᠯᠡᠵᠦ ᠪᠣᠯᠤᠨ᠎ᠠ᠃  ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠦᠷᠭᠦᠯᠵᠢᠯᠡᠨ ᠤᠰᠤᠨ ᠤ ᠡᠷᠬᠡ ᠪᠠᠨ ᠪᠠᠷᠢᠴᠠᠭᠠᠯᠠᠨ ᠵᠢᠭᠡᠯᠡᠯᠭᠡ ᠪᠠᠷ ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠤᠨ ᠠᠵᠤ ᠠᠬᠤᠶ ᠶᠢᠨ ᠦᠷ᠎ᠡ ᠠᠰᠢᠭ ᠢ ᠦᠷᠭᠦᠯᠵᠢᠯᠡᠨ ᠠᠭᠤᠳᠠᠯᠵᠤ᠂ ᠤᠰᠤᠨ ᠤ ᠡᠬᠢ ᠪᠠᠶᠠᠯᠢᠭ ᠤᠨ ᠡᠷᠬᠡ ᠠᠰᠢᠭ ᠢ ᠳᠠᠨᠵᠢᠯᠠᠨ ᠪᠠᠯᠠ ᠳᠣᠭᠢᠷᠠᠭᠤᠯᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠂ ᠤᠰᠤᠨ ᠤ ᠡᠬᠢ ᠪᠠᠶᠠᠯᠢᠭ ᠤᠨ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠪᠡᠶᠡᠯᠡᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠵᠠᠭᠪᠤᠷ ᠢ ᠪᠣᠶ ᠪᠣᠯᠭᠠᠵᠤ᠂ ᠪᠥᠬᠦ ᠬᠤᠲᠠ ᠶᠢᠨ ᠨᠥᠬᠦᠴᠡᠯ ᠳᠤ ᠨᠡᠶᠢᠴᠡᠬᠦ ᠨᠠᠩ ᠣᠯᠠᠨ ᠠᠵᠤ ᠠᠬᠤᠶᠢᠯᠠᠯ ᠳᠤ ︽ᠤᠰᠤᠨ ᠤ ᠡᠷᠬᠡ ᠶᠢᠨ ᠵᠢᠭᠡᠯᠡᠯᠭᠡ︾ ᠶᠢᠨ ᠪᠣᠬᠢᠷᠲᠤᠯ ᠥᠬᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠷᠲᠡᠭᠡᠵᠦ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 
 
ᠢᠷᠡᠯᠲᠡ᠄ ᠦᠬᠠᠢ ᠬᠤᠳᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号