ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠬᠦᠢᠰᠦ ᠬᠠᠮᠢᠶᠠᠷᠤᠯᠲᠠ ᠶᠢᠨ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠨᠡᠷ᠎ᠡ ᠮᠡᠳᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2024/3/13
  ︽ᠡᠷᠬᠡ ᠲᠡᠭᠰᠢ᠂ ᠲᠥᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ᠂ ᠮᠠᠨ ᠤ ᠲᠥᠪ ᠣᠲᠣ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠰᠢᠯᠢᠳᠡᠭ ᠢ ᠨᠢ ᠰᠣᠩᠭᠤᠬᠤ ᠪᠠᠷ ᠳᠠᠮᠵᠢᠭᠤᠯᠤᠨ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠣᠷᠣᠯᠠᠬᠤ ᠠᠵᠢᠯ ᠢ ᠥᠷᠨᠢᠭᠦᠯᠬᠦ ᠪᠠᠷ ᠲᠠᠮᠵᠢᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ  1. ᠲᠥᠷᠥᠯ ᠵᠦᠢᠯ ᠤᠨ ᠨᠡᠷᠡᠶᠢᠳᠦᠯ᠄ ᠬᠠᠲᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠦᠢᠯ᠃  2. ᠬᠡᠷᠡᠭᠵᠢᠭᠦᠯᠬᠦ ᠴᠠᠭ ᠪᠠ ᠭᠠᠵᠠᠷ᠄ 2024 ᠣᠨ᠂ ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ᠃  3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠣᠷᠣᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ᠂ ᠠᠯᠪᠠᠨ ᠵᠠᠷ ᠨᠡᠶᠢᠲᠡᠯᠡᠬᠦ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠵᠢᠱᠢᠶᠡᠯᠡᠪᠡᠯ ᠪᠠᠶᠢᠬᠤ︶ ᠢ ᠰᠢᠢᠳᠪᠦᠷᠢᠯᠡᠬᠦ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ᠃  ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃  ᠭᠤᠷᠪᠠ᠂ ᠨᠡᠷ᠎ᠡ ᠮᠡᠳᠡᠭᠦᠯᠬᠦ ᠳᠡᠭᠡᠨ ᠮᠠᠲ᠋ᠧᠷᠢᠶᠠᠯ ᠬᠠᠩᠭᠠᠬᠤ ᠬᠡᠷᠡᠭᠲᠡᠶ  1. ᠨᠡᠷ᠎ᠡ ᠮᠡᠳᠡᠭᠦᠯᠦᠭᠰᠡᠨ ᠬᠥᠮᠦᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠠᠷᠭ᠎ᠠ ᠬᠡᠯᠪᠡᠷᠢ ᠪᠠᠨ ᠭᠠᠷᠭᠠᠵᠤ ᠦᠭᠭᠦᠨ᠎ᠡ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ       ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ᠃  3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ᠃  4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃  5᠂ 2023 ᠪᠤᠶᠤ 2022 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠠᠴᠠ ᠭᠠᠷᠭᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵ᠥᠪᠡᠷᠲᠡᠭᠡᠨ ᠵᠠᠰᠠᠬᠤ ᠣᠷᠣᠨ ᠤ ᠲᠠᠰ︶ ᠶᠢᠨ ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp.gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ᠃  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2021 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃  ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠨᠢ 2024 ᠣᠨ ᠤ 3 ᠳ᠋ᠤᠭᠠᠷ ᠰᠠᠷ᠎ᠠ ᠶᠢᠨ 13 ᠤ ᠡᠳᠦᠷ ᠠᠴᠠ 2024 ᠣᠨ ᠤ 3 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 15᠄ 00 — 18᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃  ᠲᠠᠪᠤ᠂ ᠬᠠᠷᠢᠯᠴᠠᠬᠤ ᠠᠷᠭ᠎ᠠ ᠮᠠᠶ᠋ᠢᠭ  ᠪᠠᠶᠢᠭᠤᠯᠭ᠎ᠠ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠨ ᠱᠧᠩ ᠭᠦᠩ ᠣᠰᠣᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ  ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ ᠪᠠᠶᠠᠨᠭᠤᠤᠯ ᠪᠠᠯᠭᠠᠰᠤᠨ ᠤ ᠲᠤᠸᠠᠨ ᠵᠢᠶᠧ ᠵᠠᠮ ᠬᠢᠭᠡᠳ ᠫᠢ ᠭᠧ ᠵᠠᠮ ᠤᠨ ᠠᠭᠤᠯᠵᠠᠷ ᠤᠨ ᠪᠠᠷᠠᠭᠤᠨ ᠬᠤᠶᠢᠲᠤ 60 ᠮᠧᠲᠷ  ᠰᠢᠦᠳᠠᠨ ᠨᠣᠮᠧᠷ᠄ 015200  ᠬᠠᠷᠢᠯᠴᠠᠬᠤ ᠬᠥᠮᠦᠨ᠄ ᠶᠦᠨ ᠰᠢᠤᠢ ᠴᠧᠩ᠂ ᠯᠢᠦ ᠰᠢᠶᠤᠤ ᠵᠢᠶᠧ  ᠬᠠᠷᠢᠯᠴᠠᠬᠤ ᠤᠲᠠᠰᠤ᠄ 15147869709  18504840862 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号