ᠤᠰᠤ ᠠᠪᠬᠤ ᠵᠥᠪᠰᠢᠶᠡᠷᠡᠯ ᠳᠤ ᠣᠷᠣᠭᠤᠯᠬᠤ ᠪᠠ ᠰᠡᠶᠢᠷᠡᠭᠦᠯᠦᠨ ᠬᠠᠳᠠᠭᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠶᠢᠨ ᠬᠡᠪᠴᠢᠶᠡᠨ ᠤ ᠪᠠᠷᠢᠮᠵᠢᠶ᠎ᠠ ᠶᠢ ᠳᠠᠩᠰᠠᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/21
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄  ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠵᠢᠷᠭᠤᠳᠤᠭᠠᠷ ᠵᠦᠢᠯ᠂ ᠲᠠᠪᠢᠨ ᠬᠤᠶᠠᠳᠤᠭᠠᠷ ᠵᠦᠢᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠭᠠᠵᠠᠷ ᠳᠣᠤᠷᠠᠬᠢ ᠤᠰᠤᠨ ᠳᠤ ᠠᠰᠢᠭ ᠦᠭᠡᠶ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠥᠰᠦᠯ ᠤᠨ ᠭᠠᠵᠠᠷ ᠳᠣᠤᠷᠠᠬᠢ ᠢᠨᠵᠧᠨᠧᠷᠢᠩ ᠤᠨ ᠤᠰᠤ ᠭᠠᠳᠠᠭᠰᠢᠯᠠᠭᠤᠯᠬᠤ ᠬᠡᠪᠴᠢᠶ᠎ᠡ᠂ ᠤᠰᠤ ᠠᠪᠬᠤ ᠵᠥᠪᠰᠢᠶᠡᠷᠡᠯ ᠢ ᠬᠠᠤᠯᠢ ᠶᠣᠰᠣᠭᠠᠷ ᠭᠤᠶᠤᠴᠢᠯᠠᠨ ᠭᠦᠢᠴᠡᠳᠬᠡᠬᠦ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠭᠠᠵᠠᠷ ᠳᠣᠤᠷᠠᠬᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠰᠡᠶᠢᠷᠡᠭᠦᠯᠦᠨ ᠬᠠᠳᠠᠭᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠶᠢᠨ ᠬᠡᠪᠴᠢᠶ᠎ᠡ ᠶᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠵᠢᠯ ᠤᠨ ᠤᠰᠤ ᠭᠠᠳᠠᠭᠰᠢᠯᠠᠭᠤᠯᠬᠤ ᠬᠡᠮᠵᠢᠶ᠎ᠡ ᠨᠢ 1 ᠲᠦᠮᠡᠨ ᠺᠦᠪ ᠮᠧᠲᠷ ᠵᠢᠴᠢ ᠲᠡᠭᠦᠨ ᠠᠴᠠ ᠳᠡᠭᠡᠭᠰᠢᠬᠢ ᠭᠠᠵᠠᠷ ᠳᠣᠤᠷᠠᠬᠢ ᠢᠨᠵᠧᠨᠧᠷᠢᠩ ᠡᠬᠢᠯᠡᠭᠦᠯᠬᠦ ᠠᠴᠠ ᠡᠮᠦᠨ᠎ᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠪᠣᠯᠤᠨ ᠭᠠᠵᠠᠷ ᠳᠣᠤᠷᠠᠬᠢ ᠤᠰᠤᠨ ᠳᠤ ᠠᠰᠢᠭ ᠦᠭᠡᠶ ᠨᠥᠯᠥᠭᠡ ᠭᠠᠷᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠥᠰᠦᠯ ᠢᠶᠠᠨ ᠬᠠᠮᠢᠶᠠᠷᠤᠯᠲᠠ ᠶᠢᠨ ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃  ᠬᠤᠶᠠᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠭᠠᠵᠠᠷ ᠳᠣᠤᠷᠠᠬᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠨ ᠤ ᠰᠡᠶᠢᠷᠡᠭᠦᠯᠦᠨ ᠬᠠᠳᠠᠭᠠᠬᠤ ᠤᠰᠤᠨ ᠤ ᠬᠡᠮᠵᠢᠶ᠎ᠡ ᠨᠢ 1 ᠲᠦᠮᠡᠨ ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠢ ᠬᠠᠤᠯᠢ ᠶᠣᠰᠣᠭᠠᠷ ᠭᠤᠶᠤᠴᠢᠯᠠᠵᠤ᠂ ᠤᠰᠤ ᠭᠠᠳᠠᠭᠰᠢᠯᠠᠭᠤᠯᠬᠤ  ᠶᠢ ᠬᠡᠮᠵᠢᠬᠦ ᠪᠡᠯᠡᠳᠬᠡᠮᠵᠢ ᠤᠭᠰᠠᠷᠠᠬᠤ ᠶᠢᠨ ᠬᠠᠮᠲᠤ᠂ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠰᠡᠶᠢᠷᠡᠭᠦᠯᠦᠨ ᠬᠠᠳᠠᠭᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠪᠣᠯᠤᠨ ᠭᠠᠵᠠᠷ ᠳᠣᠤᠷᠠᠬᠢ ᠤᠰᠤᠨ ᠤ ᠤᠰᠤᠨ ᠲᠦᠪᠰᠢᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠶ᠃                    2024 ᠣᠨ ᠤ 3 ᠳ᠋ᠤᠭᠠᠷ ᠰᠠᠷ᠎ᠠ ᠶᠢᠨ 12 ᠤᠨ ᠡᠳᠦᠷ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号