ᠬᠠᠳᠠᠭᠠᠯᠠᠮᠤ︕ ᠬᠤᠷᠢᠳᠦᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠤ ᠮᠡᠳᠡᠯᠭᠡ ᠶᠢᠨ ᠴᠡᠭ ᠦᠳ
ᠨᠡᠶᠢᠲᠡᠯᠡᠭᠰᠡᠨ ᠴᠠᠭ᠄
2024/7/17
  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢ 7 ᠳ᠋ᠤᠭᠠᠷ ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠭᠤᠯᠤᠨ᠎ᠠ ᠃ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠭᠤᠣᠯᠳᠠᠭᠤ ᠵᠥᠪᠯᠡᠬᠦ ᠵᠦᠢᠯᠡᠰ ᠨᠢ ᠶᠠᠭᠤ ᠶᠠᠭᠤ ᠪᠤᠢ︖ ᠥᠭᠡᠷᠡᠴᠢᠯᠡᠯᠲᠡ ᠶᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠨᠢ ᠶᠠᠭᠤ ᠪᠤᠢ︖ ᠬᠤᠷᠢᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯᠳᠤᠭᠠᠨ ᠳᠤ ᠶᠠᠮᠠᠷ ᠶᠠᠮᠠᠷ ᠠᠭᠤᠯᠭ᠎ᠠ ᠶᠢ ᠰᠤᠳᠤᠯᠤᠭᠰᠠᠨ ᠪᠤᠢ︖ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠭᠡᠭᠴᠢ ᠶᠠᠮᠠᠷ ᠬᠤᠷᠠᠯ ᠪᠣᠯᠬᠤ ᠪᠤᠢ︖ ᠰᠢᠯᠵᠢᠭᠦᠯᠦᠨ ᠠᠪᠴᠤ ᠬᠠᠳᠠᠭᠠᠯᠠᠨ ᠰᠤᠷᠤᠯᠴᠠᠮᠤ︕      ᠬᠠᠳᠠᠭᠠᠯᠠᠨ ᠰᠤᠷᠤᠯᠴᠠᠮᠤ︕  ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠤ ᠬᠠᠮᠢᠶ᠎ᠠ ᠪᠦᠬᠦᠢ ᠮᠡᠳᠡᠯᠭᠡ ᠶᠢᠨ ᠴᠡᠭ ᠦᠳ   ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ  ᠪᠦᠬᠦᠶᠢᠯᠡ ᠨᠡᠷᠡᠶᠢᠳᠦᠯ  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ  ᠬᠤᠷᠠᠯ ᠤᠨ ᠴᠠᠭ  7 ᠳ᠋ᠤᠭᠠᠷ ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ  ᠬᠤᠷᠠᠯ ᠤᠨ ᠭᠠᠵᠠᠷ  ᠪᠡᠭᠡᠵᠢᠩ   ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ  ᠭᠤᠣᠯᠳᠠᠭᠤ ᠵᠥᠪᠯᠡᠬᠦ ᠵᠦᠢᠯᠡᠰ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠨᠢ ᠲᠥᠪ ᠬᠤᠷᠢᠶᠠᠨ ᠳᠤ ᠠᠵᠢᠯ ᠤᠨ ᠮᠡᠳᠡᠭᠦᠯᠦᠯᠲᠡ ᠬᠢᠨ᠎ᠡ  ᠥᠭᠡᠷᠡᠴᠢᠯᠡᠯᠲᠡ ᠶᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠪᠣᠯᠭᠠᠨ ᠰᠣᠳᠣᠯᠤᠨ᠎ᠠ  ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠳᠣᠭᠲᠠᠭᠠᠯ︾ ᠤᠨ ᠡᠬᠡ ᠨᠣᠣᠷᠠᠭ ᠢ ᠬᠢᠨᠠᠨ ᠵᠥᠪᠯᠡᠨ᠎ᠡ   ᠲᠥᠪ ᠬᠤᠷᠢᠶ᠎ᠠ  ᠭᠡᠭᠴᠢ ᠶᠠᠭᠤ ᠪᠤᠢ︖  ᠨᠠᠮ ᠤᠨ ᠬᠠᠮᠤᠭ ᠤᠨ ᠳᠡᠭᠡᠳᠦ ᠤᠳᠤᠷᠢᠳᠬᠤ ᠪᠠᠶᠢᠭᠤᠯᠭ᠎ᠠ ᠂ ᠨᠠᠮ ᠤᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠠᠴᠠ ᠰᠤᠩᠭᠤᠨ ᠭᠠᠷᠭᠠᠭᠰᠠᠨ ᠲᠥᠪ ᠬᠤᠷᠢᠶ᠎ᠠ ᠮᠥᠨ  ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠦᠰᠦᠭᠰᠡᠨ ᠤ ᠳᠠᠷᠠᠭ᠎ᠠ ᠂ ᠲᠥᠪ ᠬᠤᠷᠢᠶ᠎ᠠ ᠨᠢ ᠨᠠᠮ ᠤᠨ ᠪᠦᠬᠦ ᠠᠵᠢᠯ ᠢ ᠤᠳᠤᠷᠢᠳᠬᠤ ᠪᠥᠭᠡᠳ ᠭᠠᠳᠠᠭᠰᠢ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠢ ᠲᠥᠯᠥᠭᠡᠯᠡᠨ᠎ᠡ  ᠲᠥᠪ ᠬᠤᠷᠢᠶ᠎ᠠ ᠶᠢ ᠨᠠᠮ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠰᠣᠩᠭᠤᠨ ᠭᠠᠷᠭᠠᠨ᠎ᠠ ᠂ ᠭᠡᠰᠢᠭᠦᠳ ᠪᠠ ᠣᠷᠣᠯᠠᠭᠴᠢ ᠭᠡᠰᠢᠭᠦᠳ ᠢᠶᠠᠷ ᠪᠦᠷᠢᠯᠳᠦᠨ᠎ᠡ ᠂ ᠬᠤᠭᠤᠴᠠᠭ᠎ᠠ ᠪᠦᠷᠢ ᠶᠢᠨ ᠲᠤᠰᠢᠶᠠᠯ ᠡᠭᠦᠷᠭᠡᠯᠡᠬᠦ ᠴᠠᠭ ᠨᠢ ᠲᠠᠪᠤᠨ ᠵᠢᠯ   ᠲᠥᠪ ᠬᠤᠷᠢᠶᠠᠨ ᠤ ᠪᠦᠭᠦᠳᠡ ᠬᠤᠷᠠᠯᠳᠤᠭᠠᠨ ᠳᠤ  ᠬᠡᠨ ᠬᠡᠨ ᠣᠷᠣᠯᠴᠠᠬᠤ ᠪᠤᠢ︖  ᠲᠥᠪ ᠬᠤᠷᠢᠶᠠᠨ ᠤ ᠭᠡᠰᠢᠭᠦᠳ  ᠣᠷᠣᠯᠠᠭᠴᠢ ᠭᠡᠰᠢᠭᠦᠳ  ᠲᠥᠪ ᠬᠤᠷᠢᠶᠠᠨ ᠤ ᠪᠦᠬᠦᠳᠠ ᠬᠤᠷᠠᠯᠳᠤᠭᠠᠨ ᠢ ᠲᠥᠪ ᠬᠤᠷᠢᠶᠠᠨ ᠤ ᠬᠠᠭᠠᠰ ᠲᠣᠭᠠᠨ ᠠᠴᠠ ᠳᠡᠭᠡᠭᠰᠢᠬᠢ ᠭᠡᠰᠢᠭᠦᠳ ᠣᠷᠣᠯᠴᠠᠪᠠᠯ ᠰᠠᠶ᠋ᠢ ᠬᠤᠷᠠᠯᠳᠤᠭᠤᠯᠵᠤ ᠪᠣᠯᠣᠨ᠎ᠠ  ᠬᠡᠷᠡᠭᠴᠡᠭᠡ ᠪᠠᠨ ᠦᠨᠳᠦᠰᠦᠯᠡᠨ ᠂ ᠬᠤᠯᠪᠣᠭᠳᠠᠯ ᠪᠦᠬᠦᠢ ᠬᠥᠮᠥᠰ ᠢ ᠲᠤᠰ ᠬᠤᠷᠠᠯ ᠳᠤ ᠰᠤᠯᠠ ᠣᠷᠣᠯᠴᠠᠭᠤᠯᠬᠤ ᠪᠠᠷ ᠲᠣᠬᠢᠷᠠᠭᠤᠯᠵᠤ ᠪᠣᠯᠣᠨ᠎ᠠ   ᠬᠤᠷᠢᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯᠳᠤᠭᠠᠨ ᠳᠤ  ᠶᠠᠮᠠᠷ ᠶᠠᠮᠠᠷ ᠠᠭᠤᠯᠭ᠎ᠠ ᠶᠢ ᠰᠤᠳᠤᠯᠤᠭᠰᠠᠨ ᠪᠤᠢ︖  ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯᠳᠤᠭᠠᠨ  ᠴᠠᠭ᠄ 2022 ᠣᠨ ᠤ 10 ᠳ᠋ᠤᠭᠠᠷ ᠰᠠᠷ᠎ᠠ ᠶᠢᠨ 23 ᠤ ᠡᠳᠦᠷ  ᠰᠢᠨ᠎ᠡ ᠨᠢᠭᠡ ᠬᠤᠭᠤᠴᠠᠭᠠᠨ ᠤ ᠲᠥᠪ ᠤᠨ ᠤᠳᠤᠷᠢᠳᠬᠤ ᠪᠠᠶᠢᠭᠤᠯᠤᠮᠵᠢ ᠶᠢ ᠰᠤᠩᠭᠤᠵᠤ ᠭᠠᠷᠭᠠᠪᠠ  ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠭᠦᠳᠡ ᠬᠤᠷᠠᠯᠳᠤᠭᠠᠨ  ᠴᠠᠭ᠄ 2023 ᠣᠨ ᠤ 2 ᠳ᠋ᠤᠭᠠᠷ ᠰᠠᠷ᠎ᠠ ᠶᠢᠨ 26 ᠤ ᠡᠳᠦᠷ ᠠᠴᠠ 28 ᠤ ᠡᠳᠦᠷ  ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠤ ᠳᠡᠪᠰᠢᠭᠦᠯᠬᠦ ᠤᠯᠤᠰ ᠤᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠢᠶᠠᠷ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠳᠡᠪᠰᠢᠭᠦᠯᠬᠦ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠰ ᠢᠶᠠᠷ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠭᠡᠳ ᠪᠠᠲᠤᠯᠠᠪᠠ  ︽ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠭᠡᠳ ᠪᠠᠲᠤᠯᠠᠪᠠ   ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢ ᠠᠩᠬᠠᠷᠤᠮᠤ   ᠥᠭᠡᠷᠡᠴᠢᠯᠡᠯᠲᠡ ᠶᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ  ᠨᠢ ᠶᠠᠭᠤ ᠪᠤᠢ︖  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ ᠂ ᠤᠯᠤᠰ ᠢᠶᠠᠨ ᠵᠠᠰᠠᠬᠤ ᠲᠣᠭᠲᠠᠯᠴᠠᠭ᠎ᠠ ᠬᠢᠭᠡᠳ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ ᠃ 2035 ᠣᠨ ᠪᠣᠯᠬᠤ ᠳᠤ ᠂ ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠬᠦ ᠲᠠᠯ᠎ᠠ ᠪᠠᠷ ᠪᠠᠶᠢᠭᠤᠯᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠨᠡᠩ ᠲᠡᠭᠦᠯᠳᠡᠷᠵᠢᠭᠦᠯᠵᠦ ᠂ ᠤᠯᠤᠰ ᠢᠶᠠᠨ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠵᠦ ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠵᠦ ᠂ ᠲᠤᠰ ᠵᠠᠭᠤᠨ ᠤ ᠳᠤᠮᠳᠠᠴᠢ ᠪᠣᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ ᠃   ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢ ᠠᠩᠬᠠᠷᠤᠮᠤ  ᠥᠭᠡᠷᠡᠴᠢᠯᠡᠯᠲᠡ ᠶᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠳᠠᠷᠠᠭᠠᠬᠢ ᠵᠠᠷᠴᠢᠮ ᠤᠳ ᠢ ᠲᠤᠭᠤᠰᠢᠯᠠᠭᠤᠯᠬᠤ ᠬᠡᠷᠡᠭᠲᠡᠢ᠄  ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠠᠴᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠤᠨ ᠤᠳᠤᠷᠢᠳᠬᠤ ᠶᠢᠨ ᠭᠤᠣᠯᠯᠠᠭᠴᠢ ᠦᠢᠯᠡᠳᠦᠯ ᠢ  ᠨᠢ ᠪᠠᠳᠠᠷᠠᠭᠤᠯᠵᠤ ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ ᠂ ᠥᠭᠡᠷᠡᠴᠢᠯᠡᠯᠲᠡ ᠶᠢᠨ ᠢᠮᠠᠭᠲᠠ ᠤᠯᠤᠰ ᠳᠦᠷᠦ ᠶᠢᠨ ᠵᠥᠪ ᠴᠢᠭᠯᠡᠯ ᠢᠶᠠᠷ ᠤᠷᠤᠭᠰᠢᠯᠠᠬᠤ ᠶᠢ  ᠨᠢ ᠦᠨᠡᠨ ᠬᠦ ᠪᠠᠲᠤᠯᠠᠬᠤ ᠬᠡᠷᠡᠭᠲᠡᠢ  ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠨ ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ ᠂ ᠠᠷᠠᠳ ᠲᠦᠮᠡᠨ ᠶᠠᠮᠠᠷᠰᠢᠤ ᠬᠦᠰᠡᠯ ᠱᠠᠭᠠᠷᠳᠠᠯᠭ᠎ᠠ ᠪᠠᠶᠢᠪᠠᠯ ᠲᠡᠭᠦᠨ ᠯᠦᠭᠡ ᠵᠣᠬᠢᠴᠠᠯᠳᠤᠭᠰᠠᠨ ᠥᠭᠡᠷᠡᠴᠢᠯᠡᠯᠲᠡ ᠶᠢᠨ ᠬᠠᠷᠢᠭᠤ ᠥᠭᠬᠦ ᠶᠢ ᠪᠠᠷᠢᠮᠲᠠᠯᠠᠨ ᠂ ᠠᠷᠠᠳ ᠲᠦᠮᠡᠨ ᠤ ᠲᠥᠯᠥᠭᠡ ᠥᠭᠡᠷᠡᠴᠢᠯᠡᠯᠲᠡ ᠬᠢᠵᠦ ᠂ ᠠᠷᠠᠳ ᠲᠦᠮᠡᠨ ᠳᠤ ᠳᠦᠰᠢᠭᠯᠡᠨ ᠥᠭᠡᠷᠡᠴᠢᠯᠡᠯᠲᠡ ᠬᠢᠵᠦ ᠂ ᠠᠷᠠᠳ ᠲᠦᠮᠡᠨ ᠳᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠡᠳ᠋ᠯᠡᠭᠦᠯᠬᠦ ᠪᠣᠯᠣᠨ᠎ᠠ  ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ ᠂ ᠴᠠᠭ ᠦᠶ᠎ᠡ ᠲᠠᠢ ᠠᠯᠬᠤᠭ᠎ᠠ ᠪᠠᠨ ᠨᠢᠭᠡᠳᠬᠡᠵᠦ ᠂ ᠦᠢᠯᠡᠳᠦᠯᠭᠡ ᠶᠢᠨ ᠬᠥᠭᠵᠢᠯᠲᠡ ᠳᠤ ᠵᠣᠬᠢᠴᠠᠭᠤᠯᠤᠨ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ ᠂ ᠰᠢᠨ᠎ᠡ ᠭᠠᠷᠤᠭ᠎ᠠ ᠳᠡᠭᠡᠷ᠎ᠡ ᠪᠠᠨ ᠤᠨᠤᠯ ᠤᠨ ᠰᠢᠨ᠎ᠡ ᠡᠭᠦᠳᠦᠯᠲᠡ ᠂ ᠦᠢᠯᠡᠳᠦᠯᠭᠡ ᠶᠢᠨ ᠰᠢᠨ᠎ᠡ ᠡᠭᠦᠳᠦᠯᠲᠡ ᠂ ᠳᠦᠷᠢᠮ ᠤᠨ ᠰᠢᠨ᠎ᠡ ᠡᠭᠦᠳᠦᠯᠲᠡ ᠂ ᠰᠣᠶᠣᠯ ᠤᠨ ᠰᠢᠨ᠎ᠡ ᠡᠭᠦᠳᠦᠯᠲᠡ ᠪᠠ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠲᠠᠢ ᠪᠠᠷ ᠠᠬᠢᠭᠤᠯᠬᠤ ᠬᠡᠷᠡᠭᠲᠡᠢ  ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ᠦᠵᠦ ᠲᠥᠯᠥᠪᠯᠡᠭᠡ ᠂ ᠶᠡᠷᠦᠩᠬᠡᠢ ᠲᠥᠯᠥᠪᠯᠡᠭᠡ ᠶᠢ ᠴᠢᠩᠭᠠᠳᠬᠠᠵᠤ ᠂ ᠬᠠᠭᠤᠴᠢᠨ ᠢ ᠵᠣᠷᠢᠭᠲᠠᠢ ᠪᠠᠷ ᠡᠪᠳᠡᠬᠦ ᠪᠠ ᠰᠢᠨ᠎ᠡ ᠪᠠᠷ ᠪᠠᠶᠢᠭᠤᠯᠬᠤ ᠶᠢ ᠵᠡᠷᠭᠡ ᠪᠠᠷ ᠠᠳᠬᠤᠵᠤ ᠂ ᠤᠷᠢᠳ ᠢᠶᠠᠷ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠵᠦ ᠂ ᠦᠨᠳᠦᠰᠦᠨ ᠪᠠᠶᠢᠭᠤᠯᠤᠯ ᠢ ᠪᠠᠲᠤ ᠪᠠᠬᠢ ᠪᠠᠶᠢᠭᠤᠯᠵᠤ ᠂ ᠦᠨᠳᠦᠰᠦᠨ ᠳᠦᠷᠢᠮ ᠢ ᠪᠦᠷᠢᠨᠰᠢᠭᠦᠯᠵᠦ ᠂ ᠴᠢᠬᠤᠯᠠ ᠳᠦᠷᠢᠮ ᠳᠤ ᠰᠢᠨ᠎ᠡ ᠡᠭᠦᠳᠦᠯᠲᠡ ᠲᠠᠢ ᠪᠣᠯᠭᠠᠬᠤ ᠬᠡᠷᠡᠭᠲᠡᠢ  ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠨ ᠂ ᠬᠠᠤᠯᠢᠵᠢᠯ ᠤᠨ ᠵᠠᠮᠨᠠᠯ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠂ ᠥᠭᠡᠷᠡᠴᠢᠯᠡᠯᠲᠡ ᠬᠢᠬᠦ ᠪᠠ ᠬᠠᠤᠯᠢ ᠪᠠᠷ ᠵᠠᠰᠠᠬᠤ ᠶᠢ ᠨᠢᠭᠡᠲᠦᠯᠵᠢᠭᠦᠯᠵᠦ ᠂ ᠴᠢᠬᠤᠯᠠ ᠶᠡᠭᠡ ᠥᠭᠡᠷᠡᠴᠢᠯᠡᠯᠲᠡ ᠨᠢ ᠬᠠᠤᠯᠢ ᠶᠢᠨ ᠦᠨᠳᠦᠰᠦᠯᠡᠯ ᠲᠠᠢ ᠪᠠᠶᠢᠬᠤ ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤ ᠨᠢ ᠬᠠᠤᠯᠢ ᠴᠠᠭᠠᠵᠠ ᠶᠢᠨ ᠳᠦᠷᠢᠮ ᠪᠣᠯᠭᠠᠨ ᠳᠡᠪᠰᠢᠬᠦᠯᠬᠦ ᠬᠡᠷᠡᠭᠲᠡᠢ  ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠂ ᠠᠵᠤ ᠠᠬᠤᠢ ᠪᠠ ᠨᠡᠶᠢᠭᠡᠮ ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠂ ᠦᠷ᠎ᠡ ᠪᠦᠳᠦᠮᠵᠢ ᠪᠠ ᠲᠥᠪ ᠭᠤᠣᠯᠴᠢ ᠂ ᠠᠮᠢᠵᠢᠷᠠᠯ ᠤᠨ ᠬᠦᠴᠦᠨ ᠪᠠ ᠡᠮᠬᠢ ᠵᠢᠷᠤᠮ ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠨᠤᠭᠤᠳ ᠢ ᠰᠠᠶᠢᠲᠤᠷ ᠰᠢᠢᠳᠪᠦᠷᠢᠯᠡᠵᠦ ᠂ ᠥᠭᠡᠷᠡᠴᠢᠯᠡᠯᠲᠡ ᠶᠢᠨ ᠰᠢᠰᠲ᠋ᠧᠮᠳᠤ ᠴᠢᠨᠠᠷ ᠂ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ   
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号