ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ 7 | ᠳ᠋ᠤᠭᠠᠷ ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠵᠤ ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠣᠳᠣᠯᠠᠭᠰᠠᠨ ᠪᠠᠶᠢᠨ᠎ᠠ ᠃ ᠠᠷᠠᠳ | ᠲᠦᠮᠡᠨ ᠤ ᠵᠣᠭᠰᠣᠯᠲᠠ ᠂ ᠪᠣᠳᠠᠲᠠᠢ ᠠᠴᠠ ᠪᠠᠨ ᠡᠭᠦᠰᠬᠦ ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠂ ᠲᠡᠦᠬᠡ ᠶᠢᠨ | ᠰᠡᠳᠬᠢᠬᠦᠢ ᠂ ᠬᠤᠪᠢᠰᠤᠩᠭᠤᠢ ᠰᠡᠳᠬᠢᠬᠦᠢ ᠁ ᠵᠠᠩᠭᠢᠯᠠᠭ᠎ᠠ ᠶᠢᠨ 9 ᠦᠭᠡ ᠨᠢ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠵᠤ ᠲᠠᠨ ᠤ | ᠰᠤᠷᠤᠯᠴᠠᠯᠭ᠎ᠠ ᠳᠤ ᠬᠠᠪᠰᠤᠷᠤᠮᠵᠢ ᠪᠣᠯᠣᠨ᠎ᠠ ᠃ ᠬᠠᠳᠠᠭᠠᠯᠠᠭᠠᠷᠠᠢ ︕ | ᠠᠷᠠᠳ ᠲᠦᠮᠡᠨ ᠤ ᠵᠣᠭᠰᠣᠯᠲᠠ | ᠶᠠᠮᠠᠷᠪᠠ ᠨᠢᠭᠡᠨ ᠴᠢᠬᠤᠯᠠ ᠶᠡᠭᠡ ᠦᠭᠡᠷᠡᠴᠢᠯᠡᠯᠳᠡ ᠶᠢ ᠠᠬᠢᠭᠤᠯᠬᠤ ᠳᠤ ᠂ ᠴᠦᠮ ᠠᠷᠠᠳ ᠲᠦᠮᠡᠨ ᠤ | ᠵᠤᠭᠰᠤᠯᠳᠠ ᠠᠴᠠ ᠦᠭᠡᠷᠡᠴᠢᠯᠡᠯᠳᠡ ᠲᠠᠢ ᠬᠤᠯᠪᠤᠭᠳᠠᠬᠤ ᠴᠢᠬᠤᠯᠠ ᠶᠡᠭᠡ ᠠᠰᠠᠭᠤᠳᠠᠯ ᠤᠳ ᠢ ᠰᠠᠶᠢᠳᠤᠷ ᠡᠵᠡᠮᠰᠢᠨ | ᠰᠢᠢᠳᠪᠦᠷᠢᠯᠡᠬᠦ ᠬᠡᠷᠡᠭᠲᠡᠢ ᠂ ᠴᠦᠮ ᠠᠷᠠᠳ ᠲᠦᠮᠡᠨ ᠤ ᠠᠰᠢᠭ ᠳᠤᠰᠠ ᠶᠢᠨ ᠡᠭᠦᠳᠡᠨ ᠠᠴᠠ ᠪᠤᠳᠤᠯᠬᠢᠯᠠᠨ | ᠦᠭᠡᠷᠡᠴᠢᠯᠡᠯᠳᠡ ᠶᠢᠨ ᠰᠡᠳᠬᠢᠮᠵᠢ ᠶᠢ ᠰᠦᠪᠡᠭᠴᠢᠯᠡᠵᠦ ᠂ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠳᠤᠭᠳᠠᠭᠠᠬᠤ | ᠬᠡᠷᠡᠭᠲᠡᠢ | – 2013 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ ᠂ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯᠳᠤᠭᠠᠨ ᠤ ᠬᠤᠶᠠᠳᠤᠭᠠᠷ ᠤᠳᠠᠭᠠᠨ ᠤ ᠪᠦᠭᠦᠳᠡ ᠬᠤᠷᠠᠯᠳᠤᠭᠠᠨ ᠳᠡᠭᠡᠷ᠎ᠡ ᠰᠢ ᠶᠢᠨ ᠫᠢᠩ ᠤᠨ ᠬᠡᠯᠡᠭᠰᠡᠨ ᠦᠭᠡ | ᠪᠣᠳᠠᠲᠠᠶ ᠠᠴᠠ ᠪᠠᠨ ᠡᠭᠦᠰᠬᠦ | ᠮᠠᠨ ᠤ ᠤᠯᠤᠰ ᠤᠨ ᠤᠯᠤᠰ ᠤᠨ ᠪᠠᠶᠢᠳᠠᠯ ᠠᠴᠠ ᠡᠭᠦᠰᠴᠦ ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ | ᠪᠤᠳᠠᠳᠤ ᠪᠠᠶᠢᠳᠠᠯ ᠠᠴᠠ ᠡᠭᠦᠰᠴᠦ ᠂ ᠤᠳᠤᠷᠢᠳᠤᠯᠭ᠎ᠠ ᠲᠠᠢ ᠮᠥᠷᠲᠡᠭᠡᠨ ᠠᠯᠬᠤᠮ ᠳᠠᠷᠠᠭ᠎ᠠ ᠲᠠᠢ ᠪᠠᠷ | ᠦᠭᠡᠷᠡᠴᠢᠯᠡᠯᠡᠳᠡ ᠶᠢ ᠤᠷᠤᠭᠰᠢᠯᠠᠭᠤᠯᠵᠤ ᠂ ᠦᠢᠮᠡᠭᠦᠯᠵᠦ ᠳᠡᠷᠪᠡᠭᠦᠯᠬᠦ ᠨᠥᠯᠥᠭᠡ ᠭᠠᠷᠭᠠᠬᠤ ᠶᠢ ᠬᠦᠭᠡᠭᠡᠴᠡᠯᠳᠦᠬᠦ | ᠦᠭᠡᠢ ᠂ ᠥᠩᠭᠡᠨ ᠲᠠᠯ᠎ᠠ ᠶᠢᠨ ᠠᠵᠢᠯ ᠢ ᠬᠢᠬᠦ ᠦᠭᠡᠢ ᠂ ᠦᠭᠡᠷᠡᠴᠢᠯᠡᠯᠳᠡ ᠨᠡᠭᠡᠭᠡᠯᠳᠡ ᠶᠢᠨ ᠵᠦᠪ ᠴᠢᠭᠯᠡᠯ ᠢ ᠢᠮᠠᠭᠳᠠ | ᠪᠠᠷᠢᠮᠳᠠᠯᠠᠬᠤ ᠬᠡᠷᠡᠭᠲᠡᠢ | – 2013 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ ᠂ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯᠳᠤᠭᠠᠨ ᠤ ᠬᠤᠶᠠᠳᠤᠭᠠᠷ ᠤᠳᠠᠭᠠᠨ ᠤ ᠪᠦᠭᠦᠳᠡ ᠬᠤᠷᠠᠯᠳᠤᠭᠠᠨ ᠳᠡᠭᠡᠷ᠎ᠡ ᠰᠢ ᠶᠢᠨ ᠫᠢᠩ ᠤᠨ ᠬᠡᠯᠡᠭᠰᠡᠨ ᠦᠭᠡ | ᠪᠠᠶᠢᠯᠳᠤᠬᠤ ᠪᠣᠳᠣᠯᠭ᠎ᠠ ᠶᠢᠨ ᠰᠡᠳᠬᠢᠬᠦᠢ | ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠦᠷᠢᠨ ᠪᠦᠳᠦᠨ ᠂ ᠵᠦᠪ ᠤᠨᠤᠪᠴᠢᠳᠠᠢ ᠂ ᠪᠦᠬᠦ ᠳᠠᠯ᠎ᠠ ᠪᠠᠷ | ᠳᠤᠭᠤᠰᠢᠯᠠᠭᠤᠯᠵᠤ ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠳᠠᠢ ᠭᠡᠬᠦ ᠵᠠᠩᠭᠢᠯᠠᠭ᠎ᠠ ᠶᠢᠨ ᠬᠤᠶᠠᠷ ᠦᠭᠡ ᠶᠢ | ᠴᠢᠩᠭ᠎ᠠ ᠠᠳᠬᠤᠵᠤ ᠂ ᠪᠦᠬᠦ ᠪᠦᠮᠪᠤᠷᠴᠡᠭ ᠤᠨ ᠬᠠᠷᠠᠭᠠᠰᠤ ᠪᠠ ᠪᠠᠶᠢᠯᠳᠤᠬᠤ ᠪᠤᠳᠤᠯᠭ᠎ᠠ ᠶᠢᠨ ᠰᠡᠳᠬᠢᠭᠦᠢ ᠶᠢ ᠪᠤᠢ | ᠪᠤᠯᠭᠠᠵᠤ ᠂ ᠡᠷᠡᠰ ᠭᠤᠶᠢᠪᠢᠰᠢ ᠦᠭᠡᠢ ᠪᠠᠷ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ ᠂ ᠦᠨᠳᠦᠷ ᠲᠦᠪᠰᠢᠨ ᠪᠦᠬᠦᠢ | ᠨᠡᠭᠡᠭᠡᠯᠳᠡ ᠶᠢ ᠦᠷᠭᠡᠳᠭᠡᠬᠦ ᠬᠡᠷᠡᠭᠲᠡᠢ | – 2023 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠂ | ᠰᠢ ᠶᠢᠨ ᠫᠢᠩ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠶᠢ ᠭᠦᠨᠵᠡᠭᠡᠶ ᠠᠬᠢᠭᠤᠯᠬᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ | ᠲᠡᠦᠬᠡ ᠶᠢᠨ ᠰᠡᠳᠬᠢᠬᠦᠢ | ᠮᠠᠨ ᠤ ᠤᠯᠤᠰ ᠪᠤᠯ ᠬᠥᠭᠵᠢᠵᠦ ᠪᠠᠶᠢᠭ᠎ᠠ ᠳᠣᠮᠤ ᠤᠯᠤᠰ ᠂ ᠮᠥᠨ ᠯᠡ ᠨᠠᠶᠢᠭᠡᠮ ᠵᠢᠷᠣᠮ ᠤᠨ ᠠᠩᠬᠠᠠ ᠤ | ᠱᠠᠲᠣᠠ ᠳᠤ ᠪᠠᠨ ᠪᠠᠶᠢᠵᠤ ᠂ ᠣᠳᠣᠬᠠᠨ ᠳᠤ ᠪᠠᠨ ᠥᠷᠭᠡᠨ ᠲᠠᠯᠭᠡᠷ ᠪᠥᠭᠡᠳ ᠭᠦᠨ ᠭᠦᠨᠵᠡᠭᠡᠢ ᠨᠠᠶᠢᠭᠡᠮ ᠤᠨ | ᠬᠤᠪᠢᠰᠤᠯᠲᠠ ᠶᠢ ᠣᠢᠩᠭᠡᠷᠠᠭᠡᠵᠤ ᠂ ᠣᠢᠭᠡᠷᠠᠴᠢᠯᠠᠯᠲᠠ ᠬᠥᠭᠵᠢᠯᠲᠡ ᠶᠢ ᠠᠬᠢᠭᠤᠯᠬᠤ ᠂ ᠠᠰᠢᠭ ᠳᠣᠰᠠ ᠶᠢᠨ | ᠬᠠᠷᠢᠴᠠᠭ᠎ᠠ ᠶᠢ ᠳᠣᠭᠢᠷᠠᠭᠤᠯᠬᠤ ᠨᠢ ᠶᠠᠭ ᠯᠠ ᠨᠢᠭᠡ ᠲᠠᠯ᠎ᠠ ᠶᠢ ᠨᠢ ᠬᠥᠨᠳᠡᠪᠡᠯ ᠪᠥᠬᠦ ᠲᠠᠯ᠎ᠠ ᠲᠠᠢ ᠨᠢ ᠬᠤᠯᠪᠣᠭᠳᠠᠬᠤ | ᠰᠢᠭ ᠲᠡᠶᠢᠮᠦ ᠴᠢᠬᠤᠯᠠ ᠪᠠᠶᠢᠳᠠᠭ ᠃ ᠪᠢᠳᠡ ᠳᠡᠥᠬᠡ ᠶᠢᠨ ᠦᠵᠡᠯᠲᠡ ᠪᠠᠷ ᠪᠤᠳᠠᠳᠤ ᠪᠠᠶᠢᠳᠠᠯ ᠢ ᠦᠵᠡᠬᠦ ᠂ | ᠦᠵᠡᠭᠳᠡᠯ ᠠᠴᠠ ᠮᠦᠨ ᠴᠢᠨᠠᠷ ᠢ ᠨᠢ ᠠᠵᠢᠬᠤ ᠳᠤ ᠪᠠᠨ ᠴᠢᠳᠠᠮᠠᠭᠠᠢ ᠪᠠᠶᠢᠵᠤ ᠂ ᠪᠦᠬᠦ ᠳᠠᠯ᠎ᠠ ᠪᠠ ᠬᠡᠰᠡᠭ ᠲᠠᠯ᠎ᠠ ᠂ | ᠨᠢᠳᠦᠨ ᠡᠮᠦᠨᠡᠬᠢ ᠪᠠ ᠠᠯᠤᠰ ᠢᠷᠡᠭᠡᠳᠦᠢ ᠂ ᠬᠤᠷᠸ᠎ᠠ ᠲᠠᠯ᠎ᠠ ᠪᠠ ᠬᠤᠮᠠᠬᠢ ᠲᠠᠯ᠎ᠠ ᠂ ᠭᠤᠤᠯ ᠵᠦᠷᠢᠴᠡᠯ ᠪᠠ ᠳᠡᠳ᠋ | ᠵᠥᠷᠢᠴᠡᠯ ᠂ ᠤᠨᠴᠠᠭᠠᠢ ᠪᠠ ᠡᠩ ᠤᠨ ᠬᠠᠷᠢᠴᠠᠭ᠎ᠠ ᠶᠢ ᠰᠠᠶᠢᠳᠤᠷ ᠡᠵᠡᠮᠳᠡᠨ ᠂ ᠪᠠᠶᠢᠯᠳᠤᠬᠤ ᠪᠤᠳᠤᠯᠭ᠎ᠠ ᠶᠢᠨ | ᠰᠡᠳᠭᠢᠬᠦᠢ ᠂ ᠲᠡᠦᠬᠡ ᠶᠢᠨ ᠰᠡᠳᠬᠢᠬᠦᠢ ᠂ ᠬᠤᠪᠢᠰᠤᠩᠭᠤᠢ ᠰᠡᠳᠬᠢᠭᠦᠢ ᠂ ᠰᠢᠰᠲ᠋ᠧᠮᠳᠦ ᠰᠡᠳᠭᠢᠬᠦᠢ ᠂ ᠰᠢᠨ᠎ᠡ ᠶᠢ | ᠡᠭᠦᠳᠬᠦ ᠰᠡᠳᠬᠢᠬᠦᠢ ᠂ ᠬᠠᠤᠯᠢ ᠪᠠᠷ ᠵᠠᠰᠠᠬᠤ ᠰᠡᠳᠬᠢᠬᠦᠢ ᠂ ᠬᠤᠷᠢᠭ᠎ᠠ ᠱᠤᠭᠤᠮ ᠤᠨ ᠰᠡᠳᠬᠢᠭᠦᠢ ᠶᠢᠨ ᠴᠢᠳᠠᠪᠤᠷᠢ ᠪᠠᠨ | ᠳᠠᠰᠤᠷᠠᠯᠳᠠ ᠦᠭᠡᠢ ᠳᠡᠭᠡᠭᠰᠢᠯᠡᠭᠦᠯᠵᠦ ᠂ ᠪᠠᠷᠠᠯᠠᠬᠢᠯᠠᠯ ᠤᠨ ᠴᠢᠨᠠᠷᠳᠠᠢ ᠪᠤᠳᠤᠯᠬᠢᠯᠠᠯ ᠂ ᠪᠦᠬᠦ ᠳᠠᠯ᠎ᠠ ᠶᠢᠨ ᠴᠢᠨᠠᠷᠳᠠᠢ | ᠰᠦᠪᠡᠭᠴᠢᠯᠡᠯᠳᠡ ᠂ ᠪᠦᠬᠦᠯᠢ ᠴᠤᠭᠴᠠ ᠶᠢᠨ ᠴᠢᠨᠠᠷᠲᠠᠢ ᠪᠠᠷ ᠨᠠᠮ ᠪᠠ ᠲᠥᠷᠥ ᠶᠢᠨ ᠡᠯ᠎ᠡ ᠵᠦᠢᠯ ᠤᠨ ᠦᠢᠯᠡᠰ ᠢ | ᠠᠬᠢᠭᠤᠯᠬᠤ ᠳᠤ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠬᠡᠮᠵᠢᠶ᠎ᠡ ᠬᠠᠩᠭᠠᠬᠤ ᠬᠡᠷᠡᠭᠲᠡᠢ | – 2022 ᠣᠨ ᠤ 10 ᠳ᠋ᠤᠭᠠᠷ ᠰᠠᠷ᠎ᠠ ᠶᠢᠨ 16 ᠤ ᠡᠳᠦᠷ ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠭᠡᠯ | ᠬᠤᠪᠢᠰᠤᠩᠭᠤᠢ ᠰᠡᠳᠬᠢᠬᠦᠢ | ᠡᠷᠬᠡᠪᠰᠢ ᠮᠠᠷᠺᠰ ᠤᠨ ᠦᠵᠡᠯ ᠤᠨ ᠭᠦᠨ ᠤᠬᠠᠭᠠᠨ ᠤ ᠤᠶᠤᠨ ᠤ ᠲᠡᠵᠢᠭᠡᠯ ᠢ ᠳᠠᠰᠤᠷᠠᠯᠳᠠ ᠦᠭᠡᠢ ᠬᠦᠯᠢᠶᠡᠨ | ᠠᠪᠴᠤ ᠂ ᠬᠤᠪᠢᠰᠤᠩᠭᠤᠢ ᠪᠤᠳᠠᠰᠴᠢ ᠦᠵᠡᠯ ᠤᠨ ᠶᠢᠷᠳᠢᠨᠴᠤ ᠶᠢᠨ ᠦᠵᠡᠯᠳᠡ ᠪᠠ ᠠᠷᠭ᠎ᠠ ᠶᠢᠨ ᠤᠨᠤᠯ ᠢ | ᠤᠬᠠᠮᠰᠠᠷ ᠠᠴᠠ ᠪᠠᠨ ᠨᠡᠩ ᠢᠯᠡᠭᠦᠦ ᠪᠠᠷᠢᠮᠲᠠᠯᠠᠨ ᠬᠡᠷᠡᠭᠯᠡᠵᠦ ᠂ ᠬᠤᠪᠢᠰᠤᠩᠭᠤᠢ ᠰᠡᠳᠬᠢᠬᠦᠢ ᠂ ᠪᠠᠶᠢᠯᠳᠤᠬᠤ | ᠪᠤᠳᠤᠯᠭ᠎ᠠ ᠶᠢᠨ ᠰᠡᠳᠭᠢᠬᠦᠢ ᠶᠢᠨ ᠴᠢᠳᠠᠪᠤᠷᠢ ᠪᠠᠨ ᠨᠡᠮᠡᠭᠳᠡᠭᠦᠯᠵᠦ ᠂ ᠮᠠᠨ ᠤ ᠤᠯᠤᠰ ᠤᠨ ᠦᠭᠡᠷᠡᠴᠢᠯᠡᠯᠳᠡ | ᠬᠦᠭᠵᠢᠯᠳᠡ ᠶᠢᠨ ᠦᠨᠳᠦᠰᠦᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ | – 2015 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠂ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢ ᠶᠢᠨ ᠫᠢᠩ ᠴᠢᠬᠤᠯᠠᠴᠢᠯᠠᠪᠠ | ᠰᠢᠰᠲ᠋ᠧᠮᠲᠦ ᠰᠡᠳᠬᠢᠬᠦᠢ | ᠦᠭᠡᠷᠡᠴᠢᠯᠡᠯᠲᠡ ᠨᠢ ᠰᠢᠰᠲ᠋ᠧᠮᠲᠦ ᠬᠤᠷᠠᠮᠠᠯ ᠲᠠᠢ ᠪᠠᠶᠢᠬᠤ ᠶᠢ ᠨᠠᠩ ᠴᠢᠬᠤᠯᠠᠴᠢᠯᠠᠵᠤ ᠂ ᠪᠦᠬᠦ ᠲᠠᠯ᠎ᠠ ᠶᠢᠨ | ᠦᠵᠡᠯᠲᠡ ᠪᠠ ᠰᠢᠰᠲ᠋ᠧᠮᠲᠦ ᠰᠡᠳᠬᠢᠬᠦᠢ ᠪᠠᠷ ᠲᠦᠯᠦᠪᠯᠡᠨ ᠠᠬᠢᠭᠤᠯᠬᠤ ᠶᠢ ᠪᠠᠷᠢᠮᠲᠠᠯᠠᠨ ᠂ ᠡᠯ᠎ᠡ ᠵᠦᠢᠯ ᠤᠨ | ᠦᠭᠡᠷᠡᠴᠢᠯᠡᠯᠲᠠ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠩᠭᠠᠳᠬᠠᠵᠤ ᠂ ᠡᠯ᠎ᠡ ᠬᠦᠷᠢᠶ᠎ᠡ | ᠡᠯ᠎ᠡ ᠲᠠᠯ᠎ᠠ ᠶᠢᠨ ᠦᠭᠡᠷᠡᠴᠢᠯᠡᠯᠲᠠ ᠶᠢᠨ ᠠᠷᠭ᠎ᠠ ᠬᠡᠮᠵᠢᠶ᠎ᠡ ᠨᠦᠭᠦᠳ ᠢ ᠠᠳᠠᠯᠢ ᠴᠢᠭᠯᠡᠯ ᠢᠶᠠᠷ ᠬᠦᠴᠦᠯᠡᠬᠦ ᠂ ᠨᠡᠶᠢᠯᠡᠮᠡᠯ | ᠬᠦᠴᠦᠨ ᠢ ᠪᠦᠷᠢᠯᠳᠦᠭᠦᠯᠬᠦ ᠶᠢ ᠠᠬᠢᠭᠤᠯᠤᠨ ᠂ ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠳᠬᠠᠵᠤ ᠂ ᠥᠪᠡᠷ ᠤᠨ | ᠠᠵᠢᠯᠯᠠᠭ᠎ᠠ ᠪᠠᠨ ᠵᠥᠪᠳᠡᠭᠡᠵᠦ ᠦᠢᠯᠡᠳᠬᠦ ᠂ ᠬᠠᠷᠢᠯᠴᠠᠨ ᠬᠠᠷᠰᠢᠯᠳᠤᠭᠤᠯᠬᠤ ᠦᠵᠡᠭᠳᠡᠯ ᠭᠠᠷᠬᠤ ᠠᠴᠠ ᠰᠡᠷᠭᠡᠶᠢᠯᠡᠨ | ᠲᠡᠪᠴᠢᠬᠦ ᠬᠡᠷᠡᠭᠲᠡᠢ | – 2024 ᠣᠨ ᠤ 5 ᠳ᠋ᠤᠭᠠᠷ ᠰᠠᠷ᠎ᠠ ᠶᠢᠨ 23 ᠤ ᠡᠳᠦᠷ ᠂ | ᠰᠢ ᠶᠢᠨ ᠫᠢᠩ ᠱᠠᠨᠳᠦ᠋ᠩ ᠮᠤᠵᠢ ᠶᠢᠨ ᠵᠢᠨᠠᠨ ᠬᠤᠳᠠ ᠳᠤ ᠠᠵᠤ ᠠᠬᠤᠢᠢᠯᠠᠯ ᠪᠤᠯᠤᠨ ᠲᠤᠰᠬᠠᠢ | ᠮᠡᠷᠭᠡᠵᠢᠯᠳᠡᠳ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ | ᠰᠢᠨ᠎ᠠ ᠶᠢ ᠡᠭᠦᠳᠬᠦ ᠰᠡᠳᠬᠢᠬᠦᠢ | ᠦᠭᠡᠷᠡᠴᠢᠯᠡᠯᠳᠡ ᠶᠢ ᠰᠢᠪᠲᠤᠯᠤᠯᠲᠠ ᠲᠠᠢ ᠪᠣᠯᠭᠠᠬᠤ ᠳᠤ ᠵᠦᠪ ᠠᠷᠭ᠎ᠠ ᠬᠡᠮᠵᠢᠶ᠎ᠡ ᠲᠠᠢ ᠪᠠᠶᠢᠵᠤ ᠂ ᠰᠢᠨ᠎ᠡ ᠶᠢ | ᠡᠭᠦᠳᠬᠦ ᠰᠡᠳᠬᠢᠭᠦᠢ ᠶᠢ ᠪᠠᠷᠢᠮᠳᠠᠯᠠᠨ ᠂ ᠠᠰᠠᠭᠤᠳᠠᠯ ᠢ ᠮᠥᠷᠳᠡᠨ ᠳᠠᠭᠠᠵᠦ ᠂ ᠠᠰᠠᠭᠤᠳᠠᠯ ᠳᠤ ᠴᠢᠭᠯᠡᠭᠦᠯᠵᠦ ᠂ | ᠬᠤᠪᠢᠷᠠᠯᠳᠠ ᠶᠢ ᠤᠨᠤᠪᠴᠢᠲᠠᠢ ᠳᠠᠨᠢᠵᠦ ᠂ ᠰᠢᠨᠵᠢᠯᠡᠬᠦ ᠤᠬᠠᠭᠠᠨᠴᠢ ᠪᠠᠷ ᠬᠤᠪᠢᠷᠠᠯᠳᠠ ᠶᠢ ᠠᠷᠭᠠᠴᠠᠭᠠᠵᠤ ᠂ | ᠰᠠᠨᠠᠭᠠᠴᠢᠯᠠᠭ᠎ᠠ ᠠᠴᠠ ᠪᠠᠨ ᠬᠤᠪᠢᠷᠠᠯᠳᠠ ᠲᠠᠢ ᠪᠣᠯᠭᠠᠵᠤ ᠂ ᠵᠢᠮ᠎ᠡ ᠶᠤᠰᠤ ᠶᠢ ᠡᠵᠡᠮᠳᠡᠭᠰᠡᠨ ᠰᠠᠭᠤᠷᠢᠨ ᠳᠡᠭᠡᠷ᠎ᠡ | ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠪᠡᠶᠡᠯᠡᠭᠦᠯᠬᠦ ᠬᠡᠷᠡᠭᠲᠡᠢ | – 2020 ᠣᠨ ᠤ 10 ᠳ᠋ᠤᠭᠠᠷ ᠰᠠᠷ᠎ᠠ ᠶᠢᠨ 10 ᠤ ᠡᠳᠦᠷ ᠂ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ | ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠶᠢᠨ ᠫᠢᠩ | ᠴᠢᠬᠤᠯᠠ ᠶᠠᠷᠢᠶ᠎ᠠ ᠲᠠᠯᠪᠢᠪᠠ | ᠬᠠᠤᠯᠢ ᠪᠠᠷ ᠵᠠᠰᠠᠬᠤ ᠰᠡᠳᠬᠢᠬᠦᠢ | ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠭᠦᠢ ᠪᠠ ᠬᠠᠤᠯᠢ ᠪᠠᠷ ᠵᠠᠰᠠᠬᠤ ᠠᠷᠭ᠎ᠠ ᠶᠢ ᠬᠡᠷᠡᠭᠯᠡᠨ | ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ ᠂ ᠬᠦᠭᠵᠢᠯᠳᠡ ᠶᠢ ᠠᠬᠢᠭᠤᠯᠵᠤ ᠂ ᠵᠦᠷᠢᠴᠡᠯ ᠢ ᠨᠠᠮᠳᠠᠭᠤᠯᠵᠤ ᠂ ᠨᠡᠶᠢᠭᠡᠮ ᠤᠨ | ᠳᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠬᠡᠷᠡᠭᠲᠡᠢ | – 2020 ᠣᠨ ᠤ 10 ᠳ᠋ᠤᠭᠠᠷ ᠰᠠᠷ᠎ᠠ ᠶᠢᠨ 10 ᠤ ᠡᠳᠦᠷ ᠂ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ | ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠶᠢᠨ ᠫᠢᠩ | ᠴᠢᠬᠤᠯᠠ ᠶᠠᠷᠢᠶ᠎ᠠ ᠲᠠᠯᠪᠢᠪᠠ | ᠬᠤᠷᠢᠭ᠎ᠠ ᠱᠤᠭᠤᠮ ᠤᠨ ᠰᠡᠳᠬᠢᠬᠦᠢ | ᠭᠠᠳᠠᠭᠠᠳᠤ ᠣᠷᠴᠢᠨ ᠤ ᠭᠦᠨᠵᠡᠭᠡᠢ ᠬᠤᠪᠢᠷᠠᠯᠲᠠ ᠪᠠ ᠮᠠᠨ ᠤ ᠤᠯᠤᠰ ᠤᠨ ᠥᠭᠡᠷᠡᠴᠢᠯᠡᠯᠲᠡ ᠬᠦᠭᠵᠢᠯᠲᠡ ᠶᠢᠨ | ᠲᠣᠭᠲᠠᠭᠤᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠰᠢᠨ᠎ᠡ ᠦᠷᠢᠰᠦᠯᠳᠦᠭᠡᠨ ᠢ ᠭᠦᠨᠵᠡᠭᠡᠢ | ᠲᠠᠨᠢᠵᠤ ᠣᠨᠤᠪᠴᠢᠲᠠᠢ ᠡᠵᠡᠮᠰᠢᠵᠦ ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠨᠡᠮᠡᠭᠳᠡᠭᠦᠯᠵᠦ ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠬᠦᠨᠳᠦ ᠶᠡᠭᠡ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ | ᠪᠠ ᠨᠡᠶᠢᠭᠡᠮ ᠤᠨ ᠪᠦᠬᠦ ᠲᠠᠯ᠎ᠠ ᠶᠢᠨ ᠳᠣᠭᠲᠠᠭᠤᠨ ᠢ ᠪᠠᠲᠤᠯᠠᠨ᠎ᠠ | – 2019 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠂ | ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠲᠤ ᠬᠤᠷᠢᠭ᠎ᠠ ᠱᠤᠭᠤᠮ ᠤᠨ ᠰᠡᠳᠬᠢᠬᠦᠢ ᠶᠢ | ᠪᠠᠷᠢᠮᠲᠠᠯᠠᠨ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠠᠩᠭᠢ ᠶᠢᠨ | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ | | | |