ᠤᠶᠢᠷ᠎ᠠ ᠶᠢᠨ ᠡᠳᠦᠷ ᠤᠨ ᠰᠢᠷᠦᠭᠦᠨ ᠪᠣᠷᠣᠭᠠᠨ ᠤ ᠨᠥᠯᠥᠭᠡ ᠪᠠᠷ᠂ ᠱᠠᠨᠳᠦ᠋ᠩ ᠤᠨ ᠢ ᠾᠧ ᠭᠤᠣᠯ ᠤᠨ | ᠭᠤᠣᠯ ᠤᠷᠤᠰᠬᠠᠯ ᠤᠨ ᠯᠢᠨ ᠢ ᠤᠰᠤᠨ ᠰᠢᠨᠵᠢᠯᠡᠭᠡᠨ ᠤ ᠥᠷᠲᠡᠭᠡ ︵ᠱᠠᠨᠳᠦ᠋ᠩ ᠤᠨ ᠯᠢᠨ ᠢ︶ 7 ᠳ᠋ᠤᠭᠠᠷ | ᠰᠠᠷ᠎ᠠ ᠶᠢᠨ 9 ᠤ ᠡᠳᠦᠷ ᠤᠨ 8 ᠴᠠᠭ ᠤᠨ ᠤᠷᠤᠰᠬᠠᠯ ᠤᠨ ᠬᠡᠮᠵᠢᠶ᠎ᠡ ᠨᠢ ᠳᠠᠬᠢᠭᠠᠳ ᠰᠧᠺᠦ᠋ᠨ᠋ᠲ ᠪᠦᠷᠢ 4180 | ᠪᠤᠰᠤᠭ᠎ᠠ ᠳᠦᠷᠪᠡᠯᠵᠢᠨ ᠮᠧᠲᠷ ᠲᠤ ᠬᠦᠷᠴᠦ᠂ ᠤᠰᠤᠨ ᠠᠰᠢᠭᠯᠠᠯᠲᠠ ᠶᠢᠨ ᠶᠠᠮᠤᠨ ᠤ ︽ᠪᠦᠬᠦ ᠤᠯᠤᠰ ᠤᠨ ᠭᠤᠤᠯ | ᠪᠣᠯᠬᠤ ᠭᠤᠤᠯ ᠮᠦᠷᠡᠨ ᠤ ᠦᠶᠡᠷ ᠤᠨ ᠳ᠋ᠤᠭᠠᠷᠯᠠᠯ ᠤᠨ ᠲᠤᠭᠲᠠᠭᠠᠯ︾ ᠢ ᠦᠨᠳᠦᠰᠦᠯᠡᠭᠡᠳ ︽ᠢ ᠾᠧ 2024 | ᠣᠨ ᠤ 2 ᠳ᠋ᠤᠭᠠᠷ ᠲᠤᠭᠠᠲᠦ ᠦᠶᠡᠷ ᠤᠨ ᠤᠰᠤ︾ ᠭᠡᠵᠦ ᠳ᠋ᠤᠭᠠᠷᠯᠠᠪᠠ᠃ | ᠤᠰᠤᠨ ᠠᠰᠢᠭᠯᠠᠯᠲᠠ ᠶᠢᠨ ᠶᠠᠮᠤᠨ ᠱᠠᠨᠳᠦ᠋ᠩ᠂ ᠵᠢᠶᠠᠩᠰᠦ ᠬᠤᠶᠠᠷ ᠮᠤᠵᠢ ᠶᠢᠨ ᠦᠶᠡᠷ ᠤᠨ ᠤᠰᠤ ᠶᠢ | ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠳᠤᠵᠦ᠂ ᠲᠣᠮᠢᠯᠠᠭᠰᠠᠨ ᠠᠵᠢᠯᠯᠠᠬᠤ | ᠳᠤᠭᠤᠶᠢᠯᠠᠩ ᠮᠥᠨ ᠬᠦ ᠨᠢᠭᠡᠳᠦᠭᠡᠷ ᠹᠷᠣᠨᠲ ᠲᠤ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠵᠢᠯᠣᠭᠤᠳᠤᠭᠰᠠᠨ | ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠬᠤᠸᠠᠢ ᠾᠧ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ | ᠦᠶᠡᠷ ᠤᠨ ᠤᠰᠤ ᠶᠢ ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠳᠤᠵᠦ᠂ ᠢ ᠾᠧ | ᠭᠤᠤᠯ ᠤᠨ ᠯᠢᠦ ᠵᠢᠶᠠ ᠳ᠋ᠤᠤ ᠺᠸᠤ᠂ ᠱᠤ᠋ ᠾᠧ ᠭᠤᠤᠯ ᠤᠨ ᠳ᠋ᠠ ᠭᠤᠸᠠᠨ ᠵᠤᠸᠠᠩ᠂ ᠯᠦᠸᠧ ᠮᠠ ᠬᠤ᠋ ᠵᠠᠩ ᠱᠠᠨ | ᠬᠠᠭᠠᠯᠲᠠ ᠵᠡᠷᠭᠡ ᠭᠤᠤᠯᠯᠠᠭᠴᠢ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ | ᠳᠣᠭᠢᠷᠠᠭᠤᠯᠪᠠ᠃ ᠱᠠᠨᠳᠦ᠋ᠩ᠂ ᠵᠢᠶᠠᠩᠰᠦ ᠮᠣᠵᠢ ᠶᠢᠨ ᠤᠰᠤᠨ ᠠᠰᠢᠭᠯᠠᠯᠲᠠ ᠶᠢᠨ ᠲᠢᠩᠬᠢᠮ ᠲᠤᠰ ᠲᠤᠰ ᠦᠶᠡᠷ ᠢ | ᠰᠡᠷᠭᠡᠶᠢᠯᠡᠬᠦ Ⅲ ᠳᠡᠰ ᠪᠠ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠳᠤᠵᠦ᠂ ᠬᠠᠰᠢᠯᠭ᠎ᠠ ᠶᠢ | ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠤᠰᠤᠨ ᠴᠥᠭᠦᠷᠥᠮ ᠤᠨ ᠦᠶᠡᠷ ᠢ ᠠᠮᠤᠷ | ᠲᠦᠪᠰᠢᠨ ᠢᠶᠠᠷ ᠥᠩᠭᠡᠷᠡᠭᠦᠯᠬᠦ᠂ ᠳᠤᠮᠳᠠ ᠪᠠᠭ᠎ᠠ ᠭᠤᠣᠯ ᠤᠨ ᠤᠷᠤᠰᠬᠠᠯ ᠤᠨ ᠦᠶᠡᠷ᠂ ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠬᠦ ᠵᠡᠷᠭᠡ ᠠᠵᠢᠯ ᠢ ᠰᠠᠶᠢᠳᠤᠷ ᠬᠢᠪᠡ᠃ | ᠤᠰᠤᠨ ᠠᠰᠢᠬᠯᠠᠯᠲᠠ ᠶᠢᠨ ᠶᠠᠮᠤᠨ ᠦᠶᠡᠷ ᠢ ᠰᠡᠷᠭᠡᠶᠢᠯᠡᠬᠦ ᠶᠠᠪᠤᠴᠠ ᠶᠢ ᠴᠢᠩᠭ᠎ᠠ ᠠᠵᠢᠭᠯᠠᠵᠤ᠂ ᠬᠢᠨᠠᠨ | ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠰᠤᠨ ᠤ | ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠪᠠᠨ ᠴᠢᠩᠭᠠᠳᠬᠠᠵᠤ᠂ ᠢ ᠱᠦ ᠰᠧ ᠤᠰᠤᠨ | ᠰᠢᠰᠲ᠋ᠧᠮ ᠤᠨ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ | |