ᠠᠷᠠᠳ ᠤᠨ ᠡᠳᠦᠷ ᠤᠨ ᠰᠣᠨᠢᠨ᠄ ᠠᠵᠤ ᠠᠬᠤᠢ ᠶᠢᠨ ᠤᠬᠠᠭᠠᠨᠲᠠᠨ 2024 ᠳᠤᠮᠳᠠᠳᠤ ᠤᠯᠤᠰ ᠤᠨ ᠠᠵᠤ ᠠᠬᠤᠢ ᠶᠢᠨ ᠬᠠᠯᠠᠮᠰᠢᠯ ᠦᠭᠡ ᠶᠢᠨ ᠲᠤᠬᠠᠢ ᠶᠠᠷᠢᠯᠴᠠᠪᠠ
ᠨᠡᠶᠢᠲᠡᠯᠡᠭᠰᠡᠨ ᠴᠠᠭ᠄
2025/1/3
  2024 ᠣᠨ ᠳᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠠᠴᠠ ᠪᠣᠯᠤᠭᠰᠠᠨ ᠥᠷᠢᠰᠥᠯᠳᠦᠭᠡᠨ ᠤ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠯᠠᠪᠳᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ ᠂ ᠶᠡᠷᠦᠩᠬᠡᠶᠢᠯᠡᠨ ᠠᠷᠭ᠎ᠠ ᠪᠤᠳᠤᠯᠭ᠎ᠠ ᠬᠡᠷᠡᠭᠵᠢᠭᠦᠯᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠲᠤ ᠰᠢᠨ᠎ᠡ ᠠᠯᠬᠤᠮ ᠢ ᠠᠯᠬᠤᠪᠠ ᠃ ᠡᠨᠡ ᠬᠦ ᠠᠮᠵᠢᠯᠲᠠ ᠪᠦᠲᠦᠮᠵᠢ ᠶᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ ᠂ ᠲᠦᠢᠯ ᠤᠨ ᠶᠡᠭᠡ ᠬᠤᠪᠢ ᠶᠢᠨ ᠵᠢᠩ ᠲᠠᠢ ᠂ ᠲᠦᠢᠯ ᠤᠨ ᠶᠡᠷᠦ ᠪᠤᠰᠤ ᠶᠢᠨ ᠶᠤᠮ ᠃ ᠡᠨᠡ ᠨᠢᠭᠡ ᠵᠢᠯ ᠤᠨ ᠠᠵᠤ ᠠᠬᠤᠢ ᠶᠢᠨ ᠬᠠᠯᠠᠮᠰᠢᠯ ᠦᠭᠡᠰ ᠢ ᠪᠦᠷᠢᠳᠬᠡᠪᠡᠯ ᠂ ᠮᠠᠰᠢ ᠤᠯᠠᠨ ᠥᠨᠳᠥᠷ ᠳᠠᠪᠲᠠᠮᠵᠢᠲᠤ ᠦᠭᠡᠰ ᠬᠥᠮᠥᠰ ᠤᠨ ᠲᠠᠷᠢᠬᠢᠨ ᠳᠤ ᠣᠷᠣᠳᠠᠭ ᠃ ᠲᠡᠳᠡ ᠪᠣᠯ ᠮᠠᠨ ᠤ ᠤᠯᠤᠰ ᠤᠨ ᠬᠥᠭᠵᠢᠯᠲᠡ ᠶᠢᠨ ᠨᠤᠭᠤᠷᠠᠯ ᠪᠦᠳᠦᠷᠢᠯ ᠪᠠ ᠵᠢᠷᠤᠭᠯᠠᠯ ᠪᠣᠯᠬᠤ ᠪᠥᠭᠡᠳ ᠪᠠᠰᠠ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠲᠥᠯᠥᠭᠡᠯᠡᠵᠦ ᠪᠠᠶᠢᠳᠠᠭ ᠃ ᠪᠢᠳᠡ ᠨᠢᠭᠡ ᠪᠦᠯᠦᠭ ᠬᠠᠯᠠᠮᠰᠢᠯ ᠦᠭᠡᠰ ᠢ ᠰᠣᠩᠭᠤᠵᠤ ᠂ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠲᠥᠷᠥᠭᠳᠡᠯ ᠢ ᠨᠢ ᠶᠠᠷᠢᠭᠤᠯᠵᠤ ᠂ ᠰᠡᠳᠬᠢᠨ ᠪᠤᠳᠤᠯᠬᠢᠯᠠᠵᠤ ᠪᠠᠶᠢᠭ᠎ᠠ ᠶᠢ ᠨᠢ ᠶᠠᠷᠢᠭᠤᠯᠵᠤ ᠂ ᠢᠷᠡᠭᠡᠳᠦᠢ ᠶᠢᠨ ᠲᠤᠬᠠᠢ ᠶᠠᠷᠢᠭᠤᠯᠵᠤ ᠂ ᠤᠩᠰᠢᠭᠴᠢᠳ ᠲᠤ ᠲᠡᠭᠦᠨ ᠤ ᠳᠣᠲᠣᠷᠠᠬᠢ ᠰᠠᠶᠢᠨ ᠰᠠᠶᠢᠬᠠᠨ ᠪᠠ ᠦᠨ᠎ᠡ ᠥᠷᠲᠡᠭ ᠢ ᠡᠳ᠋ᠯᠡᠭᠦᠯᠦᠨ᠎ᠡ ᠃  — ᠨᠠᠶᠢᠷᠠᠭᠤᠯᠤᠭᠴᠢ ᠠᠴᠠ  ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠥᠬᠦ ᠡᠯᠧᠮᠧᠨ᠋ᠲ ᠢᠶᠠᠷ ᠳᠠᠮᠵᠢᠨ ᠣᠶᠢᠯᠠᠭᠠᠨ᠎ᠠ  ᠪᠡᠭᠡᠵᠢᠩ ᠶᠡᠭᠡ ᠰᠤᠷᠭᠠᠭᠤᠯᠢ ᠶᠢᠨ ᠭᠤᠸᠠᠩ ᠬᠤᠸᠠ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠠᠬᠢᠷᠤᠯ  ᠯᠢᠦ ᠴᠢᠶᠣᠤ  2023 ᠣᠨ ᠳᠤ ᠣᠷᠣᠨ ᠨᠤᠲᠤᠭ ᠲᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠠᠩᠬ᠎ᠠ ᠤᠳᠠᠭ᠎ᠠ ᠳᠤᠷᠠᠳᠤᠭᠰᠠᠨ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠬᠢᠵᠦ ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠪᠠ ᠃ ᠨᠢᠭᠡ ᠵᠢᠯ ᠭᠠᠷᠤᠶ ᠶᠢᠨ ᠲᠤᠷᠰᠢ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠭᠡᠬᠦ ᠦᠭᠡ ᠨᠢᠭᠡᠨᠲᠡ ᠬᠥᠮᠦᠰ ᠤᠨ ᠰᠡᠳᠬᠢᠯ ᠳᠤ ᠬᠠᠳᠠᠩᠰᠢᠵᠤ ᠂ ᠨᠡᠷ᠎ᠡ ᠨᠢᠳᠡᠷ ᠲᠡᠭᠡᠨ ᠨᠡᠶᠢᠴᠡᠭᠰᠡᠨ ︽ᠬᠠᠯᠠᠮᠰᠢᠯ ᠦᠭᠡ︾ ᠪᠣᠯᠤᠭᠰᠠᠨ ᠪᠠᠶᠢᠨ᠎ᠠ ᠃  ᠶᠡᠷᠦᠩᠬᠡᠢ ᠱᠦᠵᠢ ᠰᠢ ᠶᠢᠨ ᠫᠢᠩ ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ︽ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠬᠦ ᠪᠠᠷ ᠭᠤᠣᠯ ᠰᠢᠨᠵᠢ ᠲᠡᠮᠳᠡᠭ ᠪᠣᠯᠭᠠᠵᠤ ᠂ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠤᠨ᠎ᠠ ᠂ ᠵᠠᠩᠭᠢᠯᠠᠭ᠎ᠠ ᠨᠢ ᠶᠠᠰᠤ ᠴᠢᠨᠠᠷ ᠰᠢᠯᠢᠳᠡᠭ ᠂ ᠮᠥᠨ ᠴᠢᠨᠠᠷ ᠪᠣᠯ ᠲᠡᠷᠢᠭᠦᠨ ᠤ ᠦᠢᠯᠡᠳᠪᠦᠷᠢᠯᠡᠯ ᠤᠨ ᠬᠦᠴᠦᠨ ᠮᠥᠨ︾ ᠭᠡᠵᠦ ᠵᠢᠭᠠᠵᠤ ᠭᠠᠷᠭᠠᠪᠠ ᠃ ᠡᠨᠡ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠣᠶᠢᠯᠠᠭᠠᠬᠤ ᠳᠤ ᠨᠢᠭᠡᠨ ᠴᠢᠬᠤᠯᠠ ᠬᠠᠷᠠᠭᠠᠰᠤ ᠪᠣᠯ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠮᠥᠨ ᠭᠡᠳᠡᠭ ᠢ ᠪᠢᠳᠡᠨ ᠳᠤ ᠬᠡᠯᠡᠵᠦ ᠥᠭᠪᠡ ᠃ ᠡᠨᠡ ᠬᠦ ᠨᠡᠷ᠎ᠡ ᠲᠣᠮᠢᠶ᠎ᠠ ᠨᠢ ᠬᠡᠳᠦ᠋ᠢᠪᠡᠷ ᠲᠤᠰᠬᠠᠢ ᠮᠡᠷᠭᠡᠵᠢᠯ ᠪᠣᠯᠪᠠᠴᠤ ᠲᠠᠨᠢᠵᠤ ᠡᠵᠡᠮᠰᠢᠬᠦ ᠴᠢᠬᠤᠯᠠ ᠲᠠᠢ ᠂ ᠤᠴᠢᠷ ᠨᠢ ᠲᠡᠷᠡ ᠪᠣᠯ ᠬᠦᠴᠦᠨ ᠵᠦᠢᠯ ᠤᠨ ᠣᠷᠣᠭᠤᠯᠤᠯᠲᠠ ᠶᠢ ᠦᠢᠯᠡᠳᠪᠦᠷᠢᠯᠡᠬᠦ ᠶᠡᠷᠦᠩᠬᠡᠢ ᠦᠷ᠎ᠡ ᠠᠰᠢᠭ ᠪᠣᠯᠭᠠᠨ ᠬᠤᠪᠢᠷᠠᠭᠤᠯᠵᠤ ᠂ ᠠᠵᠤ ᠠᠬᠤᠢ ᠶᠢᠨ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢᠨ ᠬᠡᠮᠵᠢᠶ᠎ᠡ ᠪᠣᠯᠣᠨ ᠳᠠᠯᠲᠠ ᠨᠡᠮᠡᠭᠳᠡᠯ ᠤᠨ ᠨᠤᠷᠮ᠎ᠠ ᠶᠢᠨ ᠥᠨᠳᠥᠷ ᠳᠣᠣᠷ᠎ᠠ ᠶᠢ ᠲᠣᠭᠲᠠᠭᠠᠵᠤ ᠪᠠᠶᠢᠳᠠᠭ ᠃ ᠮᠠᠨ ᠤ ᠪᠦᠯᠬᠦᠮ ᠤᠨ ᠵᠢᠱᠢᠯᠲᠡ ᠶᠢ ᠦᠨᠳᠦᠰᠦᠯᠡᠪᠡᠯ ᠂ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠂ ᠮᠠᠨ ᠤ ᠤᠯᠤᠰ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠶᠢ 2% ᠣᠷᠴᠢᠮ ᠪᠣᠯᠲᠠᠯ᠎ᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠂ ᠢᠩᠭᠢᠪᠡᠯ ᠰᠠᠶ᠋ᠢ ᠮᠠᠨ ᠤ ᠤᠯᠤᠰ ᠤᠨ ᠠᠵᠤ ᠠᠬᠤᠢ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠲᠤᠯᠠᠵᠤ ᠴᠢᠳᠠᠨ᠎ᠠ ᠃ ᠡᠶᠢᠮᠦ ᠠᠴᠠ ᠪᠥᠬᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢᠨ ᠨᠡᠮᠡᠭᠳᠡᠯ ᠤᠨ ᠬᠤᠷᠳᠤᠴᠠ ᠶᠢ ᠳᠡᠭᠡᠭᠰᠢᠯᠡᠭᠦᠯᠬᠦ ᠪᠣᠯ ᠮᠠᠨ ᠤ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠶ ᠵᠠᠩᠭᠢᠯᠠᠭ᠎ᠠ ᠶᠢᠨ ᠠᠰᠠᠭᠤᠳᠠᠯ ᠮᠥᠨ ᠂ ᠨᠠᠩ ᠴᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠰᠢᠯᠭᠠᠬᠤ ᠴᠢᠬᠤᠯᠠ ᠪᠠᠷᠢᠮᠵᠢᠶ᠎ᠠ ᠮᠥᠨ ᠃ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠨᠡᠮᠡᠭᠳᠡᠯ ᠨᠢ ᠭᠤᠣᠯᠳᠠᠭᠤ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠲᠡ ᠪᠠᠷ ᠬᠥᠳᠡᠯᠭᠡᠭᠦᠷ ᠪᠣᠯᠭᠠᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠢ ᠪᠣᠯᠭᠠᠬᠤ ᠮᠡᠷᠭᠡᠵᠢᠯ ᠤᠨ ᠬᠤᠪᠢᠰᠬᠠᠯ ᠤᠨ ᠴᠢᠨᠠᠷᠲᠠᠢ ᠰᠢᠪᠲᠤᠯᠤᠯᠲᠠ ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠢ ᠲᠤᠬᠢᠷᠠᠭᠤᠯᠤᠯᠳᠠ ᠂ ᠠᠵᠤ ᠦᠢᠯᠡᠰ ᠤᠨ ᠭᠦᠨᠵᠡᠭᠡᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠵᠡᠷᠭᠡ ᠭᠤᠣᠯ ᠠᠭᠤᠯᠭ᠎ᠠ ᠲᠠᠢ ᠵᠤᠬᠢᠴᠠᠭᠤᠯᠤᠨ᠎ᠠ ᠃  ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠰᠢᠨ᠎ᠡ ᠠᠵᠤ ᠦᠢᠯᠡᠰ ᠂ ᠰᠢᠨ᠎ᠡ ᠵᠠᠭᠪᠤᠷ ᠂ ᠰᠢᠨ᠎ᠡ ᠬᠥᠳᠡᠯᠭᠡᠬᠦ ᠬᠦᠴᠦᠨ ᠢ ᠪᠤᠢ ᠪᠣᠯᠭᠠᠵᠤ ᠴᠢᠳᠠᠬᠤ ᠪᠥᠭᠡᠳ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠬᠦ ᠭᠤᠣᠯ ᠬᠦᠴᠦᠨ ᠵᠦᠢᠯ ᠪᠣᠯᠤᠨ᠎ᠠ ᠃ ᠵᠢᠱᠢᠶᠡᠯᠡᠪᠡᠯ ᠂ ᠵᠠᠷᠢᠮ ᠤᠶᠤᠨᠴᠢ ᠦᠢᠯᠡᠳᠪᠦᠷᠢ ᠨᠢ ᠵᠣᠬᠢᠶᠠᠮᠠᠯ ᠤᠶᠤᠨ ᠴᠢᠳᠠᠪᠤᠷᠢ ᠪᠠ ᠲᠤᠮᠤ ᠳ᠋ᠠᠶᠢᠲ᠋ᠠ ᠶᠢᠨ ᠵᠠᠳᠠᠯᠤᠯᠲᠠ ᠶᠢᠨ ᠮᠡᠷᠭᠡᠵᠢᠯ ᠢ ᠬᠡᠷᠡᠭᠯᠡᠵᠦ ᠂ ᠰᠢᠭᠤᠳ ᠦᠢᠯᠡᠳᠪᠦᠷᠢᠯᠡᠯ ᠤᠨ ᠦᠷ᠎ᠡ ᠪᠦᠲᠦᠮᠵᠢ ᠶᠢ 15% ᠪᠠᠷ ᠳᠡᠭᠡᠭᠰᠢᠯᠡᠭᠦᠯᠬᠦ ᠪᠠ ᠳᠠᠮ ᠦᠢᠯᠡᠳᠪᠦᠷᠢᠯᠡᠯ ᠤᠨ ᠦᠷ᠎ᠡ ᠪᠦᠲᠦᠮᠵᠢ ᠶᠢ 10% ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ ᠴᠢᠳᠠᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠠᠴᠠ ᠲᠡᠷᠢᠭᠦᠨ ᠤ ᠦᠢᠯᠡᠳᠪᠦᠷᠢᠯᠡᠯ ᠤᠨ ᠬᠦᠴᠦᠨ ᠣᠯᠵᠤ ᠂ ᠠᠵᠤ ᠠᠬᠤᠶ ᠶᠢᠨ ᠬᠥᠭᠵᠢᠯᠲᠡ ᠶᠢᠨ ᠭᠤᠤᠯᠳᠠᠯᠭ᠎ᠠ ᠪᠠᠨ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠤᠨ ᠢᠷᠡᠭᠡᠳᠦᠶ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ ᠃  ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠬᠦ ᠥᠭᠡᠷ᠎ᠡ ᠨᠢᠭᠡᠨ ᠴᠢᠬᠤᠯᠠ ᠢᠷᠡᠯᠳᠡ ᠪᠣᠯᠣᠨ᠎ᠠ ᠃ ᠪᠢᠳᠡ ᠲᠡᠳᠡᠭᠡᠷ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠨᠡᠮᠡᠭᠳᠡᠯ ᠤᠨ ᠬᠤᠷᠳᠤᠴᠠ ᠨᠢ ᠬᠠᠷᠰᠢᠯᠠᠭᠳᠠᠭᠰᠠᠨ ᠤᠯᠠᠮᠵᠢᠯᠠᠯᠲᠤ ᠠᠵᠢᠯ ᠲᠦᠷᠦᠯ ᠪᠠ ᠬᠦᠷᠢᠶ᠎ᠡ ᠶᠢ ᠠᠩᠬᠠᠷᠬᠤ ᠴᠢᠬᠤᠯᠠᠲᠠᠢ ᠪᠠᠶᠢᠨ᠎ᠠ ᠂ ᠡᠭᠦᠨ ᠳᠤ ᠲᠠᠷᠢᠶᠠᠯᠠᠩ ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠂ ᠦᠢᠯᠡᠴᠢᠯᠡᠭᠡᠨ ᠤ ᠬᠡᠷᠡᠭᠯᠡᠭᠡ ᠲᠠᠢ ᠬᠤᠯᠪᠣᠭᠳᠠᠬᠤ ᠮᠠᠰᠢ ᠤᠯᠠᠨ ᠠᠵᠢᠯ ᠲᠦᠷᠦᠯ ᠵᠡᠷᠭᠡ ᠶᠢ ᠪᠠᠭᠲᠠᠭᠠᠵᠤ ᠪᠠᠶᠢᠨ᠎ᠠ ᠃ ᠲᠠᠷᠢᠶᠠᠯᠠᠩ ᠢᠶᠠᠷ ᠵᠢᠱᠢᠶᠡᠯᠡᠪᠡᠯ ᠂ 2023 ᠣᠨ ᠳᠤ ᠮᠠᠨ ᠤ ᠤᠯᠤᠰ ᠤᠨ ᠲᠠᠷᠢᠶᠠᠯᠠᠩ ᠤᠨ ᠨᠡᠮᠡᠭᠳᠡᠯ ᠥᠷᠲᠡᠭ ᠤᠨ GDP ᠶᠢᠨ ᠡᠵᠡᠯᠡᠬᠦ ᠬᠠᠷᠢᠴᠠᠯ ᠨᠢ 7.1% ᠪᠣᠯᠤᠨ᠎ᠠ ᠂ ᠭᠡᠪᠡᠴᠦ ᠲᠠᠷᠢᠶᠠᠯᠠᠩ ᠤᠨ ᠠᠵᠢᠯ ᠣᠯᠭᠤᠯᠲᠠ ᠶᠢᠨ ᠬᠥᠮᠦᠨ ᠠᠮᠠ ᠶᠢᠨ ᠡᠵᠡᠯᠡᠬᠦ ᠬᠠᠷᠢᠴᠠᠯ ᠨᠢ ᠬᠠᠷᠢᠨ 22.8% ᠳᠤ ᠬᠦᠷᠴᠦ ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠬᠠᠷᠢᠴᠠᠩᠭᠤᠶ ᠪᠠᠷ ᠨᠡᠯᠢᠶᠡᠳ ᠳᠣᠣᠷ᠎ᠠ ᠪᠠᠶᠢᠨ᠎ᠠ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠤᠯᠠᠮᠵᠢᠯᠠᠯᠲᠤ ᠠᠵᠢᠯ ᠲᠦᠷᠦᠯ ᠪᠠ ᠬᠦᠷᠢᠶᠡᠨ ᠤ ᠠᠮᠢᠵᠢᠷᠠᠯ ᠤᠨ ᠬᠦᠴᠦᠨ ᠢ ᠪᠠᠳᠠᠷᠠᠭᠤᠯᠬᠤ ᠪᠣᠯ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠤᠨ ᠨᠢᠭᠡ ᠮᠥᠨ ᠃  ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠨᠡᠮᠡᠭᠳᠡᠯ ᠬᠦᠷᠦᠯᠴᠡᠬᠦ ᠦᠭᠡᠢ ᠨᠢ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠪᠣᠯᠤᠨ᠎ᠠ ᠃ ᠵᠢᠱᠢᠶᠠᠯᠠᠪᠠᠯ ᠂ ᠠᠮᠧᠷᠢᠺᠠ ᠶᠢᠨ ᠤᠶᠢᠷ᠎ᠠ ᠶᠢᠨ 20 ᠵᠢᠯ ᠳᠤ ᠪᠦᠭᠦ ᠬᠦᠴᠦᠨ ᠵᠦᠢᠯ ᠤᠨ ᠦᠢᠯᠡᠳᠪᠦᠷᠢᠯᠡᠯ ᠤᠨ ᠨᠤᠷᠮ᠎ᠠ ᠶᠢᠨ ᠵᠢᠯ ᠳᠤᠮᠲᠠᠴᠢ ᠶᠢᠨ ᠨᠡᠮᠡᠭᠲᠡᠯ ᠤᠨ ᠬᠤᠷᠲᠤᠴᠠ ᠪᠠᠷᠤᠭ 0.7 ᠪᠤᠯᠵᠤ ᠪᠠᠶᠢᠨ᠎ᠠ ᠂ ᠠᠩᠭ᠍ᠯᠢ ᠂ ᠹᠷᠠᠨᠼᠢ ᠂ ᠭᠧᠷᠮᠠᠨ ᠵᠡᠷᠬᠡ ᠠᠵᠤ ᠦᠢᠯᠡᠳᠪᠦᠷᠢᠵᠢᠭᠰᠡᠨ ᠤᠯᠤᠰ ᠤᠨ ᠪᠦᠭᠦ ᠬᠦᠴᠦᠨ ᠵᠦᠢᠯ ᠤᠨ ᠦᠢᠯᠡᠳᠪᠦᠷᠢᠯᠡᠯ ᠤᠨ ᠨᠤᠷᠮ᠎ᠠ ᠶᠢᠨ ᠨᠡᠮᠡᠭᠲᠡᠯ ᠤᠨ ᠬᠤᠷᠲᠤᠴᠠ ᠪᠠᠰᠠ ᠵᠠᠯᠭᠠᠭ᠎ᠠ ᠪᠠᠷ 1% ᠶᠢᠨ ᠲᠤᠲᠤᠷ᠎ᠠ ᠲᠤᠷᠤᠭᠰᠢᠯᠠᠵᠠᠢ — ᠲᠣᠮᠣ ᠠᠵᠤ ᠦᠢᠯᠡᠰ ᠨᠡᠶᠢᠳᠡᠮ ᠳᠡᠭᠡᠨ ᠳᠤᠲᠠᠭᠳᠠᠵᠤ ᠂ ᠶᠡᠭᠡ ᠬᠡᠪᠴᠢᠶᠡᠨ ᠤ ᠦᠢᠯᠡᠳᠪᠦᠷᠢᠯᠡᠯ ᠤᠨ ᠪᠠᠶᠢᠳᠠᠯ ᠨᠢ ᠭᠤᠣᠯ ᠰᠢᠯᠲᠠᠭᠠᠨ ᠪᠣᠯᠵᠤ ᠪᠠᠶᠢᠨ᠎ᠠ ᠃ 2022 ᠣᠨ ᠳᠤ ᠠᠮᠧᠷᠢᠺᠠ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ GDP ᠶᠢᠨ ᠡᠵᠡᠯᠡᠬᠦ ᠬᠠᠷᠢᠴᠠᠯ ᠨᠢ 10.7% ᠪᠠᠶᠢᠵᠤ ᠂ ᠠᠩᠭ᠍ᠯᠢ ᠵᠥᠪᠬᠡᠨ 8.4% ᠪᠣᠯᠤᠨ᠎ᠠ ᠃  ᠪᠤᠰᠤᠳ ᠠᠵᠤ ᠦᠢᠯᠡᠳᠪᠦᠷᠢᠵᠢᠭᠰᠡᠨ ᠤᠯᠤᠰ ᠲᠠᠢ ᠬᠠᠷᠢᠴᠠᠭᠤᠯᠪᠠᠯ ᠂ ᠮᠠᠨ ᠤ ᠤᠯᠤᠰ ᠪᠦᠬᠦ ᠬᠦᠴᠦᠨ ᠵᠦᠢᠯ ᠤᠨ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠬᠦ ᠲᠠᠯ᠎ᠠ ᠪᠠᠷ ᠮᠠᠰᠢ ᠣᠯᠠᠨ ᠠᠰᠢᠭᠲᠠᠶ ᠬᠦᠴᠦᠨ ᠵᠦᠢᠯ ᠲᠠᠢ ᠪᠠᠶᠢᠨ᠎ᠠ ᠃ ᠡᠩ ᠲᠡᠷᠢᠭᠦᠨ ᠳᠤ ᠂ ᠮᠠᠨ ᠤ ᠤᠯᠤᠰ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ GDP ᠶᠢᠨ ᠡᠵᠡᠯᠡᠬᠦ ᠬᠠᠷᠢᠴᠠᠯ ᠪᠠᠷᠤᠭ 27% ᠪᠠᠶᠢᠵᠤ ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠪᠦᠬᠦ ᠪᠥᠮᠪᠥᠷᠴᠡᠭ ᠲᠤ ᠡᠵᠡᠯᠡᠬᠦ ᠬᠤᠪᠢ ᠶᠢᠨ ᠵᠢᠩ ᠪᠠᠷᠤᠭ 30% ᠪᠣᠯᠤᠨ᠎ᠠ ᠃ ᠮᠠᠨ ᠤ ᠤᠯᠤᠰ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠶᠡᠭᠡ ᠬᠡᠪᠴᠢᠶᠡᠨ ᠤ ᠦᠢᠯᠡᠳᠪᠦᠷᠢᠯᠡᠯ ᠤᠨ ᠦᠵᠡᠭᠳᠡᠯ ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠠᠭᠪᠤᠷ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠲᠠᠯᠠᠪᠤᠷ ᠪᠤᠯᠤᠨ᠎ᠠ ᠃ ᠳᠠᠷᠠᠭᠠᠯᠠᠪᠠᠯ ᠂ ᠮᠠᠨ ᠤ ᠤᠯᠤᠰ ᠲᠤ ᠲᠣᠭᠠᠴᠢᠯᠠᠭᠰᠠᠨ ᠪᠠ ᠪᠣᠬᠢᠷᠲᠤᠯ ᠦᠭᠡᠶ ᠬᠥᠭᠵᠢᠯᠲᠡ ᠠᠴᠠ ᠪᠣᠯᠤᠭᠰᠠᠨ ᠯᠤᠲᠤ ᠶᠡᠭᠡ ᠦᠢᠯᠡᠳᠪᠦᠷᠢᠯᠡᠯ ᠤᠨ ᠨᠣᠷᠮ᠎ᠠ ᠶᠢᠨ ᠨᠡᠮᠡᠭᠳᠡᠯ ᠤᠨ ᠣᠷᠣᠨ ᠵᠠᠶ ᠲᠠᠢ ᠪᠣᠯᠤᠨ᠎ᠠ ᠃ ᠠᠮᠧᠷᠢᠺᠠ ᠲᠠᠢ ᠠᠳᠠᠯᠢᠳᠬᠠᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ ︽ᠳᠠᠬᠢᠨ ᠠᠵᠤ ᠦᠢᠯᠡᠳᠪᠦᠷᠢᠵᠢᠯᠲᠡ︾ ᠨᠢ ᠠᠳᠠᠯᠢ ᠪᠤᠰᠤ ᠪᠠᠶᠢᠵᠤ ᠂ ᠮᠠᠨ ᠤ ᠤᠯᠤᠰ ᠤᠨ ᠲᠣᠭᠠᠴᠢᠯᠠᠭᠰᠠᠨ ᠪᠠ ᠪᠣᠬᠢᠷᠲᠤᠯ ᠦᠭᠡᠢ ᠬᠥᠭᠵᠢᠯᠲᠡ ᠶᠢᠨ ᠤᠳᠬ᠎ᠠ ᠠᠭᠤᠯᠭ᠎ᠠ ᠪᠣᠯ ᠪᠣᠶ ᠪᠦᠬᠦᠢ ᠠᠵᠢᠯ ᠲᠥᠷᠥᠯ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠪᠠ ᠡᠨᠧᠷᠭᠢ ᠶᠢᠨ ᠬᠡᠯᠪᠡᠷᠢ ᠶᠢᠨ ᠬᠤᠪᠢᠷᠠᠯᠲᠠ ᠪᠠᠷ ᠳᠠᠮᠵᠢᠭᠤᠯᠤᠨ ᠳᠠᠬᠢᠨᠲᠠ ᠨᠡᠮᠡᠭᠳᠡᠬᠦ ᠶᠢ ᠪᠡᠶᠡᠯᠡᠭᠦᠯᠬᠦ ᠶᠢᠨ ᠲᠥᠯᠥᠭᠡ ᠶᠤᠮ ᠃ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠪᠠᠷ ᠵᠢᠱᠢᠶ᠎ᠡ ᠪᠣᠯᠭᠠᠵᠤ ᠂ ᠵᠢᠱᠢᠯᠲᠡ ᠪᠠᠷ ᠮᠠᠨ ᠤ ᠤᠯᠤᠰ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠳᠤ ᠬᠡᠷᠡᠭᠰᠡᠬᠦ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠵᠠᠭᠤᠨ ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠨ᠎ᠠ ᠂ ᠡᠶᠢᠮᠦᠷᠬᠦᠦ ᠪᠡᠯᠡ ᠣᠷᠣᠭᠤᠯᠤᠯᠲᠠ ᠶᠢᠨ ᠬᠦᠴᠦᠯᠡᠴᠡ ᠨᠢ ᠠᠵᠤ ᠦᠢᠯᠡᠰ ᠪᠣᠯᠤᠨ ᠮᠡᠷᠭᠡᠵᠢᠯ ᠤᠨ ᠬᠤᠪᠢᠰᠤᠯᠲᠠ ᠪᠠᠷ ᠳᠠᠮᠵᠢᠨ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠨᠡᠮᠡᠭᠳᠡᠯ ᠤᠨ ᠬᠤᠷᠳᠤᠴᠠ ᠶᠢ ᠳᠡᠭᠡᠭᠰᠢᠯᠡᠭᠦᠯᠬᠦ ᠯᠤᠲᠤ ᠶᠡᠭᠡ ᠣᠷᠣᠨ ᠵᠠᠢ ᠶᠢ ᠠᠪᠴᠢᠷᠠᠬᠤ ᠪᠣᠯᠤᠨ᠎ᠠ ᠃ ᠭᠤᠷᠪᠠᠳᠤᠭᠠᠷ ᠲᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠨᠢ ᠨᠢᠭᠡᠨ ᠯᠤᠲᠤ ᠶᠡᠭᠡ ᠲᠦᠷᠢᠮ ᠤᠨ ᠠᠰᠢᠭ ᠲᠤᠰᠠ ᠶᠢᠨ ᠣᠷᠣᠨ ᠵᠠᠢ ᠶᠢ ᠪᠦᠷᠢᠯᠳᠦᠭᠦᠯᠵᠦ ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢᠨ ᠯᠤᠲᠤ ᠶᠡᠭᠡ ᠪᠣᠯᠤᠮᠵᠢ ᠶᠢ ᠠᠪᠴᠢᠷᠠᠵᠤ ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠨᠡᠮᠡᠭᠳᠡᠯ ᠢ ᠤᠯᠠᠮ ᠨᠢᠭᠡ ᠠᠯᠬᠤᠮ ᠳᠠᠶᠢᠴᠢᠯᠠᠬᠤ ᠪᠣᠯᠤᠨ᠎ᠠ ᠃  ᠠᠷᠠᠳ ᠠᠴᠠ ᠡᠵᠡᠩᠨᠡᠭᠰᠡᠨ ᠠᠵᠤ ᠠᠬᠤᠢ ᠶᠢ ᠠᠬᠢᠭᠤᠯᠬᠤ ᠬᠠᠤᠯᠢ ᠨᠢ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ︽ᠰᠡᠳᠬᠢᠯ ᠠᠮᠤᠷᠵᠢᠭᠤᠯᠬᠤ ᠦᠷᠢᠯ︾ ᠪᠤᠯᠤᠨ᠎ᠠ  ᠠᠷᠠᠳ ᠠᠴᠠ ᠡᠵᠡᠩᠨᠡᠭᠰᠡᠨ ᠠᠵᠤ ᠠᠬᠤᠢ ᠶᠢ ᠠᠬᠢᠭᠤᠯᠬᠤ ᠬᠠᠤᠯᠢ ᠶᠢ ᠲᠣᠭᠲᠠᠭᠠᠬᠤ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠮᠦᠨ ᠃ ᠨᠢᠳᠤᠨᠤᠨ ᠤ 10 ᠳ᠋ᠤᠭᠠᠷ ᠰᠠᠷ᠎ᠠ ᠶᠢᠨ 10 ᠤ ᠡᠳᠦᠷ ᠂ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢᠨ ᠲᠥᠰᠦᠯ ᠳᠤ ᠨᠡᠶᠢᠭᠡᠮ ᠠᠴᠠ ᠢᠯᠡ ᠪᠠᠷ ᠰᠠᠨᠠᠯ ᠬᠤᠷᠢᠶᠠᠵᠤ ᠂ ᠥᠷᠭᠡᠨ ᠳᠡᠯᠭᠡᠷ ᠠᠩᠬᠠᠷᠤᠯ ᠢ ᠲᠠᠲᠠᠪᠠ ᠃  ᠠᠷᠠᠳ ᠠᠴᠠ ᠡᠵᠡᠩᠨᠡᠭᠰᠡᠨ ᠠᠵᠤ ᠠᠬᠤᠶ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠦᠷ᠎ᠡ ᠪᠦᠲᠦᠭᠡᠯ ᠪᠣᠯᠬᠤ ᠪᠥᠭᠡᠳ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠤᠨ᠎ᠠ ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠂ ᠨᠠᠮ ᠤᠨ ᠣᠨᠣᠯ ᠪᠣᠯᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠤᠷ᠎ᠠ ᠂ ᠮᠠᠨ ᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶ ᠲᠦᠷᠭᠡᠨ ᠬᠥᠭᠵᠢᠪᠡ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠨᠠᠮ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠳᠠᠬᠢ ᠦᠢᠯᠡᠳᠦᠯ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠦᠴᠦᠨ ᠂ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠰᠠᠭᠤᠷᠢ ᠪᠣᠯᠪᠠ ᠃ 2024 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠂ ᠪᠥᠬᠦ ᠤᠯᠤᠰ ᠲᠤ ᠳᠡᠩᠰᠡᠯᠡᠵᠦ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 5500 ᠲᠦᠮᠡ ᠶᠢ ᠳᠠᠪᠠᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶ ᠬᠡᠮᠵᠢᠶᠡᠨ ᠳᠠᠬᠢ ᠡᠵᠡᠯᠡᠬᠦ ᠬᠠᠷᠢᠴᠠᠯ ᠢ 92.3% ᠳᠤ ᠲᠣᠭᠲᠠᠪᠤᠷᠢᠵᠢᠭᠤᠯᠪᠠ ᠃ ᠡᠭᠦᠨ ᠤ ᠬᠠᠮᠲᠤ ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠳᠤ ᠪᠠᠰᠠ ᠵᠠᠷᠢᠮ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠲᠤᠰᠬᠠᠶ ᠰᠠᠭᠤᠷᠢ ᠴᠢᠨᠠᠷᠲᠠᠶ ᠬᠠᠤᠯᠢ ᠴᠠᠭᠠᠵᠠ ᠶᠢ ᠨᠡᠶᠢᠲᠡᠯᠡᠵᠦ ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ ᠂ ᠵᠢᠱᠢᠯᠲᠡ ᠶᠢ ᠲᠣᠭᠲᠠᠪᠤᠷᠢᠵᠢᠭᠤᠯᠬᠤ ᠂ ᠠᠯᠤᠰ ᠬᠡᠲᠦ ᠳᠤ ᠠᠰᠢᠭᠲᠠᠶ ᠪᠠᠲᠤᠯᠠᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ ᠃  ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢ ᠲᠣᠭᠲᠠᠭᠠᠵᠤ ᠂ ᠥᠭᠡᠷᠡᠴᠢᠯᠡᠯᠲᠡ ᠨᠡᠭᠡᠭᠡᠯᠲᠡ ᠠᠴᠠ ᠨᠠᠰᠢᠬᠢ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠲᠤᠬᠠᠶ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠦᠢᠯᠡᠳᠦᠯᠭᠡ ᠶᠢᠨ ᠳᠤᠮᠳᠠᠬᠢ ᠪᠦᠲᠦᠮᠵᠢᠲᠡᠶ ᠠᠷᠭ᠎ᠠ ᠬᠢᠳᠡᠯ ᠢ ᠬᠠᠤᠯᠢ ᠴᠠᠭᠠᠵᠠ ᠶᠢᠨ ᠳᠦᠷᠢᠮ ᠪᠣᠯᠭᠠᠨ ᠲᠣᠭᠲᠠᠭᠠᠵᠤ ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠶ ᠳᠤ ᠡᠷᠬᠡ ᠲᠡᠭᠰᠢ ᠪᠠᠷ ᠬᠠᠨᠳᠤᠬᠤ ᠂ ᠡᠷᠬᠡ ᠲᠡᠭᠰᠢ ᠪᠠᠷ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠠᠰᠢᠭᠲᠠᠶ ᠶᠤᠮ ᠃  ᠵᠢᠱᠢᠶᠡᠯᠡᠪᠡᠯ ᠂ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠣ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠤᠨ ᠣᠳᠣᠬᠠᠨ ᠤ ᠵᠠᠬ᠎ᠠ ᠳᠡᠯᠭᠡᠭᠦᠷ ᠤᠨ ᠬᠥᠭᠵᠢᠯᠲᠡ ᠳᠤ ᠢᠲᠡᠭᠡᠯ ᠵᠣᠷᠢᠭ ᠪᠠ ᠵᠢᠱᠢᠯᠲᠡ ᠪᠠᠭᠤᠷᠠᠶ ᠪᠠᠶᠢᠨ᠎ᠠ ᠃ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢ ᠲᠣᠭᠲᠠᠭᠠᠬᠤ ᠨᠢ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠂ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠥᠭᠵᠢᠯᠲᠡ ᠶᠢᠨ ᠢᠲᠡᠭᠡᠯ ᠵᠣᠷᠢᠭ ᠪᠠ ᠵᠠᠬ᠎ᠠ ᠳᠡᠯᠭᠡᠭᠦᠷ ᠤᠨ ᠵᠢᠱᠢᠯᠲᠡ ᠶᠢ ᠨᠡᠮᠡᠭᠳᠡᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠶ ᠶᠤᠮ ᠃  ᠪᠠᠰᠠ ᠵᠢᠱᠢᠶᠡᠯᠡᠪᠡᠯ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠡᠷᠭᠡ ᠲᠠᠯ᠎ᠠ ᠪᠠᠷ ᠪᠠᠰᠠ ᠵᠠᠷᠢᠮ ᠢᠯᠡᠷᠬᠡᠶ ᠪᠠ ᠳᠠᠯᠳᠠ ᠪᠠᠬᠢᠯᠡᠯ ᠲᠤᠯᠭᠠᠷᠠᠵᠤ ᠪᠠᠶᠢᠨ᠎ᠠ ᠃ ᠨᠢᠭᠡᠨᠲᠡ ᠨᠡᠶᠢᠲᠡᠯᠡᠭᠰᠡᠨ ᠲᠥᠰᠦᠯ ᠳᠤ ᠰᠠᠨᠠᠯ ᠬᠤᠷᠢᠶᠠᠬᠤ ᠨᠣᠤᠷᠠᠭ ᠠᠴᠠ ᠦᠵᠡᠪᠡᠯ ᠂ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠨᠢ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠪᠠᠭᠲᠠᠭᠠᠭᠰᠠᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠪᠠᠭᠲᠠᠭᠠᠭᠰᠠᠨ ᠡᠯ᠎ᠡ ᠲᠥᠷᠥᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠬᠠᠤᠯᠢ ᠶᠣᠰᠣᠭᠠᠷ ᠡᠷᠬᠡ ᠲᠡᠭᠰᠢ ᠪᠠᠷ ᠣᠷᠣᠵᠤ ᠂ ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯᠯᠠᠭ᠎ᠠ ᠶᠢ ᠵᠢᠷᠤᠮᠵᠢᠭᠤᠯᠵᠤ ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠯ᠎ᠡ ᠲᠥᠷᠥᠯ ᠤᠨ ᠦᠢᠯᠡᠳᠪᠦᠷᠢᠯᠡᠯ ᠤᠨ ᠬᠦᠴᠦᠨ ᠵᠦᠢᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ ᠶᠢ ᠪᠠᠲᠤᠯᠠᠬᠤ ᠵᠡᠷᠭᠡ ᠲᠠᠯ᠎ᠠ ᠪᠠᠷ ᠲᠣᠳᠣᠷᠬᠠᠶ ᠲᠣᠭᠲᠠᠭᠠᠯ ᠭᠠᠷᠭᠠᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠭᠤᠣᠯᠴᠢ ᠪᠠᠷ ᠥᠷᠢᠰᠥᠯᠳᠦᠬᠦ ᠶᠢ ᠪᠠᠲᠤᠯᠠᠨ᠎ᠠ ᠃  ᠪᠠᠰᠠ ᠵᠢᠱᠢᠶᠡᠯᠡᠪᠡᠯ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠪᠡᠯᠡ ᠲᠣᠬᠢᠷᠠᠭᠤᠯᠬᠤ ᠳᠤ ᠬᠦᠴᠢᠷ ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ ᠴᠢᠬᠤᠯᠠ ᠶᠡᠭᠡ ᠢᠨᠵᠧᠨᠧᠷᠢᠩ ᠳᠤ ᠣᠷᠣᠯᠴᠠᠬᠤ ᠶᠢ ᠬᠠᠤᠯᠢ ᠴᠠᠭᠠᠵᠠ ᠨᠡᠶᠢᠲᠡᠯᠡᠬᠦ ᠪᠠᠷ ᠳᠠᠮᠵᠢᠭᠤᠯᠵᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠦᠯᠡᠳᠡᠭᠡᠯ ᠡᠳ᠋ ᠬᠥᠷᠥᠩᠭᠡ ᠪᠠᠨ ᠴᠢᠯᠦᠭᠡᠲᠡᠢ ᠭᠦᠢᠯᠭᠡᠭᠡᠬᠦ ᠂ ᠳᠠᠬᠢᠨ ᠪᠡᠯᠡ ᠣᠷᠣᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ ᠂ ᠵᠠᠬ᠎ᠠ ᠳᠡᠯᠭᠡᠭᠦᠷᠴᠢᠯᠡᠬᠦ ᠂ ᠦᠷᠭᠦᠯᠵᠢᠯᠡᠨ ᠬᠥᠭᠵᠢᠭᠦᠯᠬᠦ ᠵᠠᠷᠴᠢᠮ ᠢᠶᠠᠷ ᠨᠡᠭᠡᠭᠡᠨ ᠬᠥᠭᠵᠢᠭᠦᠯᠬᠦ ᠪᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠣᠨᠴᠠᠯᠢᠭ ᠲᠤ ᠲᠣᠬᠢᠷᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢ ᠬᠠᠩᠭᠠᠯᠭᠠᠵᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ ᠪᠣᠯᠭᠠᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠨ᠎ᠡ ᠃  ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠪᠣᠯᠬᠤ ᠪᠥᠭᠡᠳ ᠮᠦᠨ ᠴᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠢᠯᠡᠰ ᠢ ᠳᠡᠰ ᠳᠡᠪᠰᠢᠭᠦᠯᠬᠦ ᠶᠢᠨ ᠴᠢᠬᠤᠯᠠ ᠬᠦᠴᠦᠨ ᠪᠣᠯᠤᠨ᠎ᠠ ᠃ 2023 ᠣᠨ ᠳᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠰᠤᠳᠤᠯᠤᠨ ᠨᠡᠭᠡᠭᠡᠬᠦ ᠵᠠᠷᠤᠳᠠᠯ ᠬᠢᠭᠡᠳ ᠰᠤᠳᠤᠯᠤᠨ ᠨᠡᠭᠡᠭᠡᠬᠦ ᠡᠷᠴᠢᠮ ᠳᠠᠬᠢᠨᠲᠠ ᠳᠡᠭᠡᠭᠰᠢᠯᠡᠪᠡ ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠲᠦᠷᠦᠯ ᠵᠦᠢᠯ ᠳᠤ ᠣᠷᠣᠯᠴᠠᠬᠤ ᠶᠢ ᠳᠡᠮᠵᠢᠵᠦ ᠂ ᠴᠢᠳᠠᠪᠤᠷᠢ ᠲᠠᠢ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠲᠦᠷᠦᠭᠦᠯᠡᠨ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠬᠦ ᠶᠢ ᠳᠡᠮᠵᠢᠵᠦ ᠂ ᠨᠡᠭᠡᠭᠡᠯᠲᠡᠲᠦ ᠤᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠬᠠᠤᠯᠢ ᠶᠣᠰᠣᠭᠠᠷ ᠨᠡᠭᠡᠭᠡᠨ ᠠᠰᠢᠭᠯᠠᠵᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ ᠃  ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢ ᠲᠤᠭᠲᠠᠭᠠᠬᠤ ᠳᠤ ᠨᠢᠭᠡᠨᠲᠡ ᠲᠦ᠋ᠷᠭᠡᠳᠬᠡᠭᠰᠡᠨ ᠳᠠᠷᠤᠪᠴᠢ ᠶᠢ ᠳᠠᠷᠤᠪᠠ ᠃ ᠨᠢᠳᠤᠨᠤᠨ ᠤ 12 ᠳ᠋ᠤᠭᠠᠷ ᠰᠠᠷ᠎ᠠ ᠶᠢᠨ 21 ᠤ ᠡᠳᠦᠷ ᠂ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢᠨ ᠲᠥᠰᠦᠯ ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠠᠩᠬ᠎ᠠ ᠤᠳᠠᠭ᠎ᠠ ᠬᠢᠨᠠᠨ ᠵᠥᠪᠯᠡᠭᠦᠯᠬᠦ ᠪᠠᠷ ᠳᠡᠪᠰᠢᠭᠦᠯᠪᠡ ᠃ ᠡᠨᠡ ᠬᠦ ᠬᠠᠤᠯᠢ ᠴᠠᠭᠠᠵᠠ ᠶᠢ ᠨᠡᠶᠢᠲᠡᠯᠡᠭᠰᠡᠨ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠬᠠᠮᠠᠭᠠᠯᠠᠵᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠳᠤ ᠠᠰᠢᠭᠲᠠᠢ ᠬᠠᠤᠯᠢᠵᠢᠯ ᠤᠨ ᠣᠷᠴᠢᠨ ᠲᠣᠭᠤᠷᠢᠨ ᠪᠣᠯᠤᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠰᠠᠨᠠᠭ᠎ᠠ ᠠᠮᠤᠷ ᠬᠥᠭᠵᠢᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠣᠯᠤᠨ᠎ᠠ ᠃  ᠬᠠᠮ ᠲᠦᠷᠦ ᠶᠢᠨ ᠪᠤᠲᠤᠯᠭ᠎ᠠ ᠶᠢᠨ ᠬᠤᠷᠸ᠎ᠠ ᠳᠤᠭᠢᠷᠠᠭᠤᠯᠤᠯ ᠡᠵᠡᠮᠳᠡᠯ ᠤᠨ ᠨᠢᠬᠡ ᠤᠲᠠᠭᠠᠨ ᠤ ᠬᠦᠰᠢᠶ᠎ᠡ ᠳᠤᠷᠠᠰᠬᠠᠯ ᠪᠣᠯᠣᠨ᠎ᠠ  ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ  ᠳ᠋ᠦᠩ ᠢᠦᠶ  ᠨᠢᠳᠤᠨᠤᠨ ᠤ 9 ᠳ᠋ᠦ᠋ᠭᠡᠷ ᠰᠠᠷ᠎ᠠ ᠶᠢᠨ ᠬᠤᠷᠢᠳ ᠠᠴᠠ ᠨᠠᠭᠠᠰᠢ ᠂ ᠠᠯᠢ ᠣᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠵᠦ ᠂ ᠣᠳᠣᠬᠠᠨ ᠳᠤ ᠠᠰᠢᠭᠲᠠᠶ ᠂ ᠠᠯᠤᠰ ᠬᠡᠲᠦ ᠳᠤ ᠠᠰᠢᠭ ᠬᠦᠷᠲᠡᠭᠡᠵᠦ ᠂ ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠨᠡᠮᠡᠭᠳᠡᠭᠦᠯᠵᠦ ᠂ ︽ᠬᠤᠷᠸ᠎ᠠ ᠲᠣᠬᠢᠷᠠᠭᠤᠯᠤᠯ ᠡᠵᠡᠮᠳᠡᠯ ᠤᠨ ᠨᠢᠭᠡ ᠤᠳᠠᠭᠠᠨ ᠤ ᠬᠥᠰᠢᠶ᠎ᠡ ᠳᠤᠷᠠᠰᠬᠠᠯ ᠤᠨ ᠬᠡᠯᠪᠡᠷᠢ ᠪᠠᠷ ᠭᠠᠷ ᠳᠦᠷᠦᠬᠦ︾ ᠪᠣᠯᠪᠠ ᠃  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠵᠤ ᠂ ᠠᠵᠤ ᠠᠬᠤᠢ ᠶᠢᠨ ᠠᠵᠢᠯ ᠳᠤ ᠤᠷᠢᠳ ᠬᠤᠵᠢᠳ ︽ᠭᠤᠷᠪᠠᠨ ᠬᠤᠭᠤᠴᠠᠭ᠎ᠠ ᠳᠠᠪᠬᠤᠴᠠᠭᠰᠠᠨ︾ ᠂ ᠳᠤᠮᠳᠠᠳᠤ ᠠᠮᠧᠷᠢᠺᠠ ᠶᠢᠨ ᠠᠷᠠᠯᠵᠢᠶᠠᠨ ᠤ ᠮᠥᠷᠭᠦᠯᠳᠦᠭᠡᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ︽ᠭᠤᠷᠪᠠᠨ ᠳᠠᠪᠠᠭ᠎ᠠ︾ ᠪᠣᠯᠤᠨ᠎ᠠ ᠃ ᠳᠠᠪᠠᠭ᠎ᠠ ᠳᠠᠪᠠᠭ᠋ᠤ ᠶᠠᠪᠤᠴᠠ ᠳᠤ ᠂ ᠮᠠᠨ ᠤ ᠨᠠᠮ ᠠᠵᠤ ᠠᠬᠤᠢ ᠶᠢᠨ ᠪᠠᠶᠢᠳᠠᠯ ᠳᠤ ᠴᠢᠬᠤᠯᠠ ᠶᠡᠭᠡ ᠮᠠᠭᠠᠳᠯᠠᠯᠲᠠ ᠬᠢᠵᠦ ᠂ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ ᠂ ᠮᠠᠨ ᠤ ᠤᠯᠤᠰ ᠤᠨ ᠠᠵᠤ ᠠᠬᠤᠢ ᠶᠢᠨ ᠳᠠᠪᠠᠯᠭᠠᠨ ᠢ ᠰᠦᠷᠦᠨ ᠂ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠪᠠ ᠃ 2024 ᠣᠨ ᠳᠤ ᠂ ᠮᠠᠨ ᠤ ᠤᠯᠤᠰ ᠤᠨ ᠠᠵᠤ ᠠᠬᠤᠢ ᠶᠢᠨ ᠭᠠᠳᠠᠭᠠᠳᠤ ᠳᠠᠷᠤᠯᠲᠠ ᠶᠡᠬᠡᠰᠴᠦ ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠂ ᠬᠤᠷᠸ᠎ᠠ ᠲᠣᠬᠢᠷᠠᠭᠤᠯᠤᠯ ᠡᠵᠡᠮᠳᠡᠯ ᠳᠤ ᠯᠤᠲᠤ ᠶᠡᠭᠡ ᠰᠢᠯᠭᠠᠯᠲᠠ ᠪᠣᠯᠵᠤ ᠪᠠᠶᠢᠨ᠎ᠠ ᠃ ᠣᠨᠴᠠᠭᠠᠶᠢᠯᠠᠨ ᠥᠩᠭᠡᠷᠡᠭᠰᠡᠨ ᠨᠢᠭᠡ ᠬᠤᠭᠤᠴᠠᠭᠠᠨ ᠠᠴᠠ ᠨᠠᠭᠠᠰᠢ ᠠᠵᠤ ᠠᠬᠤᠢ ᠶᠢᠨ ᠠᠵᠢᠯᠯᠠᠭᠠᠨ ᠳᠤ ᠰᠢᠨ᠎ᠡ ᠪᠠᠶᠢᠳᠠᠯ ᠪᠣᠯᠤᠨ ᠠᠰᠠᠭᠤᠳᠠᠯ ᠭᠠᠷᠴᠠᠢ ᠃ ᠨᠠᠮ ᠤᠨ ᠲᠥᠪ ᠬᠤᠷᠢᠶ᠎ᠠ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ ᠂ 9 ᠳ᠋ᠦ᠋ᠭᠡᠷ ᠰᠠᠷ᠎ᠠ ᠶᠢᠨ ᠬᠤᠷᠢᠳ ᠢᠶᠠᠷ ᠠᠯᠢ ᠤᠯᠠᠨ ᠨᠡᠮᠡᠭᠳᠡᠯ ᠤᠨ ᠲᠦᠷᠦ ᠶᠢᠨ ᠪᠤᠳᠤᠯᠭ᠎ᠠ ᠭᠠᠷᠭᠠᠵᠤ ᠂ ᠨᠡᠶᠢᠭᠡᠮ ᠤᠨ ᠢᠲᠡᠭᠡᠯ ᠢ ᠪᠦᠲᠦᠮᠵᠢᠲᠡᠢ ᠬᠥᠭᠵᠢᠭᠡᠵᠦ ᠂ ᠠᠵᠤ ᠠᠬᠤᠢ ᠢᠯᠡᠳᠲᠡ ᠳᠡᠭᠡᠭᠰᠢᠯᠡᠪᠡ ᠃ ᠨᠡᠮᠡᠭᠳᠡᠯ ᠤᠨ ᠬᠡᠮᠵᠢᠶ᠎ᠡ ᠶᠢ ᠬᠠᠮᠤᠷᠤᠭᠰᠠᠨ ᠲᠦᠷᠦ ᠶᠢᠨ ᠪᠣᠳᠣᠯᠭ᠎ᠠ ᠶᠢ ᠡᠷᠴᠢᠮ ᠂ ᠥᠷᠭᠡᠴᠡ ᠪᠠ ᠭᠦᠨᠴᠡ ᠶᠢᠨ ᠠᠯᠢ ᠴᠤ ᠲᠠᠯ᠎ᠠ ᠪᠠᠷ ᠴᠥᠮ ︽ᠤᠷᠢᠳ ᠡᠮᠦᠨ᠎ᠡ ᠭᠠᠷᠤᠭ᠎ᠠ ᠦᠭᠡᠢ︾ ᠭᠡᠳᠡᠭ ᠢᠶᠠᠷ ᠳᠦᠷᠰᠦᠯᠡᠵᠦ ᠪᠣᠯᠬᠤ ᠶᠤᠮ ᠂ ᠡᠨᠡ ᠪᠣᠯ ᠮᠠᠨ ᠤ ᠤᠯᠤᠰ ᠤᠨ ᠬᠤᠷᠸ᠎ᠠ ᠲᠣᠬᠢᠷᠠᠭᠤᠯᠤᠯ ᠡᠵᠡᠮᠳᠡᠯ ᠤᠨ ᠲᠡᠦᠬᠡᠨ ᠳᠡᠭᠡᠷᠡᠬᠢ ᠪᠡᠯᠭᠡ ᠲᠡᠮᠳᠡᠭ ᠤᠨ ᠴᠢᠨᠠᠷᠲᠠᠢ ᠬᠡᠷᠡᠭ ᠶᠠᠪᠤᠳᠠᠯ ᠮᠥᠨ ᠃  ︽ᠬᠠᠮ︾ ᠢ ᠴᠢᠬᠤᠯᠠᠴᠢᠯᠠᠭᠰᠠᠨ ᠨᠢ ᠲᠥᠷᠥ ᠶᠢᠨ ᠪᠣᠳᠣᠯᠭ᠎ᠠ ᠶᠢᠨ ᠶᠡᠷᠦᠩᠬᠡᠶᠢᠯᠡᠭᠰᠡᠨ ᠬᠤᠷᠠᠮᠳᠤᠯ ᠮᠥᠨ ᠂ ᠠᠰᠠᠭᠤᠳᠠᠯ ᠢ ᠰᠢᠢᠳᠪᠦᠷᠢᠯᠡᠬᠦ ᠰᠢᠰᠲ᠋ᠧᠮᠲᠦ ᠲᠥᠰᠦᠯ ᠮᠥᠨ ᠃ ᠨᠡᠮᠡᠭᠳᠡᠯ ᠤᠨ ᠲᠥᠷᠥ ᠶᠢᠨ ᠪᠣᠳᠣᠯᠭ᠎ᠠ ᠶᠢᠨ ᠠᠯᠢ ᠣᠯᠠᠨ ︽ᠬᠠᠮ ᠠᠷᠭ᠎ᠠ ᠬᠡᠮᠵᠢᠶ᠎ᠡ︾ ᠨᠢ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠂ ᠳᠣᠲᠣᠭᠠᠳᠤ ᠬᠡᠷᠡᠭᠴᠡᠭᠡ ᠶᠢ ᠤᠯᠠᠮ ᠨᠢᠭᠡ ᠠᠯᠬᠤᠮ ᠥᠷᠭᠡᠳᠬᠡᠬᠦ ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠭᠤᠨ ᠪᠠᠶᠢᠯᠭᠠᠬᠤ ᠶᠢ ᠠᠬᠢᠭᠤᠯᠬᠤ ᠂ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ ᠬᠥᠭᠵᠢᠭᠦᠯᠬᠦ ᠵᠡᠷᠭᠡ ᠲᠠᠪᠤᠨ ᠲᠠᠯ᠎ᠠ ᠶᠢ ᠪᠠᠭᠲᠠᠭᠠᠵᠤ ᠂ ᠲᠠᠯ᠎ᠠ ᠨᠢᠭᠡᠪᠦᠷᠢ ᠨᠢ ᠴᠥᠮ ᠢᠯᠡ ᠲᠣᠳᠣ ᠬᠠᠨᠳᠤᠯᠭᠠᠲᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠬᠤ ᠶᠢ ᠪᠠᠭᠲᠠᠭᠠᠨ᠎ᠠ ᠃ ᠦᠨᠳᠦᠰᠦᠨ ᠪᠦᠲᠦᠴᠡ ᠠᠴᠠ ᠠᠪᠴᠤ ᠦᠵᠡᠪᠡᠯ ᠂ ᠬᠤᠷᠸ᠎ᠠ ᠲᠦᠷᠦ ᠶᠢᠨ ᠪᠤᠳᠤᠯᠭ᠎ᠠ ᠶᠢᠨ ᠡᠷᠴᠢᠮ ᠢ ᠴᠢᠩᠭᠠᠷᠠᠭᠤᠯᠬᠤ ᠪᠣᠯ ᠶᠡᠷᠦᠩᠬᠡᠢ ᠤᠳᠤᠷᠢᠳᠤᠮᠵᠢ ᠮᠥᠨ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠣᠯ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠡᠨᠡ ᠬᠦ ᠵᠥᠷᠢᠴᠡᠯ ᠢ ᠰᠢᠢᠳᠪᠦᠷᠢᠯᠡᠬᠦ ᠭᠤᠣᠯ ᠠᠷᠭ᠎ᠠ ᠵᠠᠮ ᠮᠥᠨ ᠂ ᠬᠠᠪᠰᠤᠷᠤᠨ ᠲᠡᠳᠬᠦᠬᠦ ᠠᠵᠤ ᠠᠬᠤᠶᠢᠯᠠᠯ ᠪᠣᠯ ᠡᠵᠡᠩᠨᠡᠯᠲᠡ ᠶᠢᠨ ᠭᠤᠣᠯ ᠴᠣᠭᠴᠠ ᠶᠢᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠰᠢᠭᠤᠳ ᠭᠠᠷᠳᠠᠴᠠ ᠮᠥᠨ ᠂ ᠠᠰᠠᠷ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠂ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠪᠣᠯ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠴᠢᠬᠤᠯᠠ ᠲᠤᠯᠭᠠᠭᠤᠷᠢᠯᠠᠯ ᠮᠥᠨ ᠂ ᠡᠳᠡᠭᠡᠷ ᠨᠢ ᠴᠥᠮ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠲᠤᠪᠤᠶᠢᠮ᠎ᠠ ᠠᠰᠠᠭᠤᠳᠠᠯ ᠮᠥᠨ ᠃ ᠡᠯ᠎ᠡ ᠲᠥᠷᠥᠯ ᠤᠨ ᠠᠵᠤ ᠠᠬᠤᠶ ᠶᠢᠨ ᠠᠰᠠᠭᠤᠳᠠᠯ ᠤᠨ ᠬᠤᠭᠤᠷᠣᠨᠳᠣ ᠬᠠᠷᠢᠯᠴᠠᠨ ᠬᠤᠯᠪᠣᠯᠳᠤᠳᠠᠭ ᠪᠣᠯᠬᠤᠷ ᠡᠳ᠋ ᠤᠨ ᠵᠠᠰᠠᠭ ᠂ ᠮᠥᠩᠭᠦᠨ ᠭᠦᠢᠯᠭᠡᠭᠡ ᠂ ᠬᠡᠷᠡᠭᠯᠡᠭᠡ ᠂ ᠪᠡᠯᠡ ᠣᠷᠣᠭᠤᠯᠤᠯᠲᠠ ᠂ ᠭᠡᠷ ᠪᠠᠶᠢᠰᠢᠩ ᠭᠠᠵᠠᠷ ᠬᠥᠷᠥᠩᠭᠡ ᠂ ᠰᠲ᠋ᠣᠺ ᠤᠨ ᠵᠠᠬ᠎ᠠ ᠳᠡᠯᠭᠡᠭᠦᠷ ᠂ ᠠᠵᠢᠯ ᠣᠯᠭᠤᠯᠲᠠ ᠂ ᠠᠷᠠᠳ ᠤᠨ ᠠᠮᠢᠳᠤᠷᠠᠯ ᠵᠡᠷᠭᠡ ᠡᠯ᠎ᠡ ᠬᠦᠷᠢᠶᠡᠨ ᠤ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠵᠦ ᠂ ᠨᠡᠮᠡᠭᠳᠡᠯ ᠢ ᠲᠣᠭᠲᠠᠪᠤᠷᠢᠵᠢᠭᠤᠯᠬᠤ ︽ᠲᠦᠷᠦ ᠶᠢᠨ ᠪᠤᠳᠤᠯᠭ᠎ᠠ ᠶᠢᠨ ᠳᠠᠭᠠᠭᠠᠴᠢᠯᠠᠯᠲᠠ︾ ᠶᠢ ᠪᠦᠷᠢᠯᠳᠦᠭᠦᠯᠬᠦ ᠴᠢᠬᠤᠯᠠᠲᠠᠢ ᠪᠠᠶᠢᠨ᠎ᠠ ᠃ ᠡᠯ᠎ᠡ ᠰᠠᠯᠠᠭ᠎ᠠ ᠮᠥᠴᠢᠷ ᠤᠨ ᠲᠦᠷᠦ ᠶᠢᠨ ᠪᠤᠳᠤᠯᠭ᠎ᠠ ᠶᠢᠨ ᠬᠤᠭᠤᠷᠣᠨᠳᠣ ᠪᠠᠨ ᠪᠠᠰᠠ ᠵᠣᠬᠢᠴᠠᠭᠤᠯᠤᠨ ᠬᠠᠷᠢᠯᠴᠠᠨ ᠨᠥᠬᠦᠪᠥᠷᠢᠯᠡᠬᠦ ᠶᠢ ᠴᠢᠩᠭᠠᠳᠬᠠᠵᠤ ᠂ ᠲᠦᠷᠦ ᠶᠢᠨ ᠪᠤᠳᠤᠯᠭ᠎ᠠ ᠶᠢᠨ ᠬᠠᠮᠲᠤᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠃ ᠡᠳᠡᠭᠡᠷ ᠨᠢ ᠪᠦᠷ ᠰᠢᠰᠲ᠋ᠧᠮ ᠤᠨ ᠦᠵᠡᠯᠲᠡ ᠶᠢᠨ ᠪᠦᠲᠦᠮᠵᠢᠲᠡᠶ ᠬᠡᠷᠡᠭᠯᠡᠯᠲᠡ ᠶᠢ ᠭᠦᠢᠴᠡᠳ ᠢᠯᠡᠷᠡᠭᠦᠯᠪᠡ ᠃  ︽ᠨᠡᠮᠡᠭᠳᠡᠯ︾ ᠨᠢ ᠲᠥᠷᠥ ᠶᠢᠨ ᠪᠣᠳᠣᠯᠭ᠎ᠠ ᠶᠢ ᠬᠦᠴᠦᠯᠡᠨ ᠰᠤᠯᠠᠯᠠᠵᠤ ᠂ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ ᠃ ᠨᠡᠮᠡᠭᠳᠡᠯ ᠤᠨ ᠲᠥᠷᠥ ᠶᠢᠨ ᠪᠣᠳᠣᠯᠭ᠎ᠠ ᠪᠣᠯ ᠦᠯᠡᠳᠡᠭᠡᠯ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ ᠪᠠᠶᠢᠭᠤᠯᠤᠭᠰᠠᠨ ᠶᠤᠮ ᠂ ᠡᠨᠡ ᠨᠢ ᠤᠤᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠤᠨ ᠲᠠᠯ᠎ᠠ ᠪᠠᠷ ᠣᠷᠣᠭᠤᠯᠤᠯᠲᠠ ᠶᠢᠨ ᠡᠷᠴᠢᠮ ᠢᠶᠠᠨ ᠶᠡᠬᠡᠪᠡᠷ ᠨᠡᠮᠡᠭᠳᠡᠭᠦᠯᠦᠭᠰᠡᠨ ᠮᠥᠷᠲᠡᠭᠡᠨ ᠪᠠᠰᠠ ᠲᠥᠷᠥ ᠶᠢᠨ ᠪᠣᠳᠣᠯᠭ᠎ᠠ ᠶᠢᠨ ᠰᠢᠨ᠎ᠡ ᠪᠠᠭᠠᠵᠢ ᠬᠡᠷᠡᠭᠰᠡᠯ ᠳᠤ ᠣᠷᠣᠯᠴᠠᠭᠰᠠᠨ ᠠᠴᠠ ᠢᠯᠡ ᠲᠣᠳᠣ ᠣᠨᠴᠠᠯᠢᠭ ᠢ ᠢᠯᠡᠷᠡᠭᠦᠯᠦᠭᠰᠡᠨ ᠪᠠᠶᠢᠨ᠎ᠠ ᠃  ᠵᠢᠱᠢᠶᠡᠯᠡᠪᠡᠯ ᠂ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠬᠦᠴᠦᠯᠡᠴᠡ ᠶᠢ ᠨᠡᠮᠡᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠᠷ ᠳᠠᠮᠵᠢᠭᠤᠯᠵᠤ ᠂ ᠣᠷᠣᠨ ᠨᠤᠲᠤᠭ ᠤᠨ ᠡᠳ᠋ ᠤᠨ ᠵᠠᠰᠠᠭ ᠤᠨ ᠳᠠᠷᠤᠯᠲᠠ ᠶᠢ ᠶᠡᠭᠡ ᠬᠡᠮᠵᠢᠶ᠎ᠡ ᠪᠠᠷ ᠨᠠᠮᠳᠠᠭᠤᠯᠵᠤ ᠂ ᠠᠵᠤ ᠠᠬᠤᠢ ᠶᠢᠨ ᠠᠵᠢᠯᠯᠠᠭᠠᠨ ᠤ ᠬᠡᠯᠬᠢᠶ᠎ᠡ ᠶᠢ ᠤᠯᠠᠮ ᠨᠢᠭᠡ ᠠᠯᠬᠤᠮ ᠰᠢᠯᠤᠭᠤᠳᠬᠠᠵᠤ ᠴᠢᠳᠠᠨ᠎ᠠ︔ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠡᠷᠴᠢᠮ ᠢ ᠴᠢᠩᠭᠠᠷᠠᠭᠤᠯᠵᠤ ᠂ ᠤᠯᠠᠨ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠬᠦ ᠪᠠᠷ ᠳᠠᠮᠵᠢᠭᠤᠯᠤᠨ ᠂ ᠭᠦᠢᠯᠭᠡᠭᠡᠨ ᠤ ᠴᠢᠨᠠᠷᠲᠠᠢ ᠭᠦᠢᠴᠡᠳ ᠪᠠᠶᠢᠬᠤ ᠶᠢ ᠪᠠᠲᠤᠯᠠᠵᠤ ᠂ ᠪᠦᠲᠦᠮᠵᠢᠲᠡᠢ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠬᠠᠮᠲᠤ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠤᠨ᠎ᠠ︔ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠨᠢᠭᠲᠠ ᠤᠶᠠᠯᠳᠤᠭᠤᠯᠬᠤ ᠪᠠᠷ ᠳᠠᠮᠵᠢᠭᠤᠯᠤᠨ ᠂ ᠳᠤᠮᠳᠠ ᠳᠣᠤᠷ᠎ᠠ ᠣᠷᠣᠯᠭ᠎ᠠ ᠲᠠᠢ ᠬᠥᠮᠦᠰ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ ᠪᠣᠯᠤᠨ᠎ᠠ ᠂ ᠡᠭᠦᠨ ᠤ ᠤᠯᠠᠮ ᠠᠴᠠ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠵᠦ ᠂ ᠬᠡᠷᠡᠭᠯᠡᠭᠡᠨ ᠤ ᠬᠦᠰᠡᠯ ᠰᠠᠨᠠᠭ᠎ᠠ ᠶᠢ ᠳᠡᠭᠡᠭᠰᠢᠯᠡᠭᠦᠯᠵᠦ ᠪᠣᠯᠤᠨ᠎ᠠ︔ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠵᠤ ᠂ ᠴᠢᠬᠤᠯᠠ ᠶᠡᠭᠡ ᠲᠥᠷᠥᠯ ᠵᠦᠢᠯ ᠤᠨ ᠬᠥᠲᠥᠯᠦᠮᠵᠢ ᠪᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠪᠠᠷ ᠳᠠᠮᠵᠢᠭᠤᠯᠤᠨ ᠂ ᠴᠢᠬᠤᠯᠠ ᠶᠡᠭᠡ ᠲᠥᠷᠥᠯ ᠵᠦᠢᠯ ᠤᠨ ᠳᠠᠭᠠᠭᠤᠯᠤᠯ ᠪᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠪᠠᠷ ᠳᠠᠮᠵᠢᠭᠤᠯᠤᠨ ᠂ ᠰᠢᠨ᠎ᠡ ᠠᠵᠢᠯ ᠤᠨ ᠪᠠᠶᠢᠷᠢ ᠶᠢ ᠡᠭᠦᠳᠴᠦ ᠴᠢᠳᠠᠬᠤ ᠪᠥᠭᠡᠳ ᠠᠷᠠᠳ ᠤᠨ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠪᠠᠷ ᠬᠥᠭᠵᠢᠭᠡᠵᠦ ᠪᠣᠯᠤᠨ᠎ᠠ ᠃ ᠨᠡᠮᠡᠭᠲᠡᠯ ᠤᠨ ᠲᠤᠬᠠᠢ ᠠᠯᠢ ᠤᠯᠠᠨ ᠳᠦᠷᠦ ᠶᠢᠨ ᠪᠤᠲᠤᠯᠭ᠎ᠠ ᠨᠢ ᠡᠴᠦᠰ ᠲᠡᠭᠡᠨ ᠢᠲᠡᠬᠡᠯ ᠵᠤᠷᠢᠭ ᠢ ᠨᠡᠮᠡᠭᠲᠡᠭᠦᠯᠦᠨ ᠂ ᠵᠢᠱᠢᠯᠲᠡ ᠶᠢ ᠨᠡᠮᠡᠭᠲᠡᠭᠦᠯᠭᠦ ᠲᠠᠯ᠎ᠠ ᠪᠠᠷ ᠮᠠᠰᠢ ᠤᠯᠠᠨ ᠳᠦᠷᠦ ᠶᠢᠨ ᠪᠤᠲᠤᠯᠭ᠎ᠠ ᠨᠢ ᠳᠤᠭᠢᠶᠠᠯᠲᠤᠭᠰᠠᠨ ᠦᠶ᠎ᠡ ᠳᠤ ᠴᠦᠮ ᠴᠠᠭ ᠲᠤᠭᠢᠶᠠᠯ ᠢ ᠡᠵᠡᠮᠲᠡᠭᠦ ᠂ ᠡᠷᠴᠢᠮ ᠪᠠ ᠠᠶᠢᠵᠠᠮ ᠢ ᠡᠵᠡᠮᠲᠡᠭᠦ ᠶᠢ ᠴᠢᠬᠤᠯᠠᠴᠢᠯᠠᠵᠤ ᠂ ᠵᠢᠱᠢᠭᠰᠡᠨ ᠬᠠᠮᠢᠶᠠᠷᠤᠯᠲᠠ ᠶᠢ ᠲᠡᠬᠡᠲᠤ ᠬᠡᠮᠵᠢᠶ᠎ᠠ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠠᠢ ᠂ ᠡᠨᠡ ᠨᠢ ᠪᠠᠰᠠ ᠴᠤ ᠬᠤᠷᠸ᠎ᠠ ᠳᠤᠭᠢᠷᠠᠭᠤᠯᠤᠯ ᠡᠵᠡᠮᠲᠡᠯ ᠤᠨ ᠴᠢᠬᠤᠯᠠ ᠶᠡᠭᠡ ᠰᠢᠨ᠎ᠡ ᠡᠭᠦᠲᠦᠯᠲᠡ ᠮᠦᠨ ᠃  ᠨᠡᠮᠡᠭᠳᠡᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠤ ᠭᠤᠣᠯ ᠭᠦᠢᠴᠡᠳᠬᠡᠯ ᠲᠤᠭ᠎ᠠ ᠳᠤ ᠢᠳᠡᠪᠬᠢᠲᠡᠢ ᠬᠤᠪᠢᠷᠠᠯᠲᠠ ᠭᠠᠷᠭᠠᠬᠤ ᠶᠢ ᠬᠦᠴᠦᠲᠡᠢ ᠠᠬᠢᠭᠤᠯᠵᠤ ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠬᠦᠴᠦᠲᠡᠢ ᠲᠤᠯᠭᠠᠭᠤᠷᠢᠯᠠᠨ᠎ᠠ ᠃ ᠨᠢᠳᠤᠨᠤᠨ ᠵᠢᠯ ᠤᠨ ᠰᠡᠭᠦᠯᠴᠢ ᠬᠤᠷᠠᠯᠳᠤᠭᠤᠯᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ 2025 ᠣᠨ ᠤ ᠠᠵᠤ ᠠᠬᠤᠢ ᠶᠢᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ ᠂ ︽ᠨᠡᠩ ᠢᠳᠡᠪᠬᠢᠲᠡᠢ ᠪᠥᠭᠡᠳ ᠦᠢᠯᠡᠰ ᠪᠦᠲᠦᠭᠡᠬᠦ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ︾ ᠶᠢ ᠲᠣᠳᠣᠷᠬᠠᠢ ᠳᠤᠷᠠᠳᠴᠠᠢ ᠂ ᠡᠨᠡ ᠨᠢ ᠪᠠᠰᠠ ᠬᠤᠷᠸ᠎ᠠ ᠲᠣᠬᠢᠷᠠᠭᠤᠯᠤᠯ ᠡᠵᠡᠮᠳᠡᠯ ᠤᠨ ᠲᠠᠯ᠎ᠠ ᠪᠠᠷ ᠨᠢᠭᠲᠠ ᠵᠣᠯᠭᠠᠯᠳᠤᠭᠤᠯᠬᠤ ᠶᠢ ᠪᠠᠲᠤᠯᠠᠵᠤ ᠂ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠲᠠᠷᠠᠭᠠᠴᠢ ᠶᠢᠨ ᠠᠯᠬᠤᠮ ᠤᠨ ᠬᠤᠷᠸ᠎ᠠ ᠲᠥᠷᠥ ᠶᠢᠨ ᠪᠣᠳᠣᠯᠭ᠎ᠠ ᠳᠤ ᠣᠷᠭᠠᠨᠢᠭ ᠢᠶᠠᠷ ᠰᠢᠭᠢᠳᠬᠡᠨ ᠣᠷᠣᠭᠤᠯᠬᠤ ᠶᠢ ᠬᠠᠷᠠᠭᠤᠯᠵᠤ ᠪᠠᠶᠢᠨ᠎ᠠ ᠃ ᠡᠳᠡᠭᠡᠷ ᠨᠢ ᠠᠵᠤ ᠠᠬᠤᠢ ᠶᠢᠨ ᠠᠵᠢᠯ ᠤᠨ ︽ᠨᠡᠮᠡᠬᠦ ᠠᠷᠭ᠎ᠠ︾ ᠪᠤᠯᠵᠤ ᠂ ᠵᠠᠬ᠎ᠠ ᠳᠡᠯᠭᠡᠭᠦᠷ ᠲᠤ ᠨᠡᠩ ᠣᠯᠠᠨ ᠠᠵᠠ ᠲᠣᠬᠢᠶᠠᠯ ᠪᠠ ᠢᠷᠡᠭᠡᠳᠦᠢ ᠶᠢᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠨᠡᠩ ᠤᠯᠠᠨ ᠰᠠᠭᠤᠷᠢ ᠬᠦᠴᠦᠨ ᠪᠠ ᠬᠥᠳᠡᠯᠭᠡᠭᠴᠢ ᠬᠦᠴᠦᠨ ᠨᠡᠮᠡᠷᠢᠯᠡᠵᠦ ᠴᠢᠳᠠᠨ᠎ᠠ ᠃  ︽ᠬᠤᠶᠠᠷ ᠭᠤᠣᠯᠳᠠᠯᠭ᠎ᠠ︾ ᠂ ︽ᠬᠤᠶᠠᠷ ᠰᠢᠨ᠎ᠡ︾ ᠶᠢᠨ ᠳᠣᠲᠣᠭᠠᠳᠤ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠴᠢᠬᠤᠯᠠ ᠭᠠᠷᠳᠠᠴᠠ  ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ  ᠰᠦᠩ ᠭᠧ ᠯᠦᠩ  2024 ᠣᠨ ᠠᠴᠠ ᠨᠠᠭᠠᠰᠢ ᠂ ᠬᠥᠮᠦᠰ ᠤᠨ ︽ᠬᠤᠶᠠᠷ ᠭᠤᠣᠯᠳᠠᠯᠭ᠎ᠠ︾ ᠂ ︽ᠬᠤᠶᠠᠷ ᠰᠢᠨ᠎ᠡ︾ ᠶᠢᠨ ᠲᠤᠬᠠᠢ ᠠᠩᠬᠠᠷᠤᠯ ᠲᠦᠷᠭᠡᠨ ᠳᠡᠭᠡᠭᠰᠢᠯᠡᠪᠡ ᠃ ︽ᠬᠤᠶᠠᠷ ᠭᠤᠣᠯᠳᠠᠯᠭ᠎ᠠ︾ ᠂ ︽ᠬᠤᠶᠠᠷ ᠰᠢᠨ᠎ᠡ︾ ᠪᠣᠯ ᠡᠨᠡ ᠵᠢᠯ ᠤᠨ ᠠᠵᠤ ᠠᠬᠤᠶ ᠶᠢᠨ ᠠᠵᠢᠯ ᠤᠨ ᠴᠢᠬᠤᠯᠠ ᠬᠦᠴᠦᠯᠡᠬᠦ ᠴᠡᠭ ᠮᠥᠨ ᠂ ᠪᠠᠰᠠ ᠴᠤ ᠲᠠᠷᠠᠭᠠᠴᠢ ᠶᠢᠨ ᠠᠯᠬᠤᠮ ᠳᠤ ᠳᠣᠲᠣᠭᠠᠳᠤ ᠬᠡᠷᠡᠭᠴᠡᠭᠡ ᠶᠢ ᠪᠥᠬᠦ ᠲᠠᠯ᠎ᠠ ᠪᠠᠷ ᠥᠷᠭᠡᠳᠬᠡᠬᠦ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ ᠃  ︽ᠬᠤᠶᠠᠷ ᠭᠤᠣᠯᠳᠠᠯᠭ᠎ᠠ︾ ᠭᠡᠳᠡᠭ ᠨᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠥᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠵᠢᠭᠠᠵᠤ ᠪᠠᠶᠢᠨ᠎ᠠ ᠃ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠂ ᠦᠷᠭᠦᠯᠵᠢᠯᠡᠨ ᠬᠡᠳᠦᠨ ᠵᠢᠯ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠲᠠᠷᠬᠠᠭᠠᠵᠤ ᠂ ᠲᠤᠰᠬᠠᠢ ᠵᠦᠢᠯᠡᠰ ᠢ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠳᠤ ᠬᠡᠷᠡᠭᠯᠡᠬᠦ ᠪᠠᠷ ᠪᠠᠶᠢᠨ᠎ᠠ ᠭᠡᠵᠦ ᠳᠤᠷᠠᠳᠴᠠᠢ ᠃ ᠪᠣᠳᠠᠲᠤ ᠠᠴᠢ ᠬᠤᠯᠪᠣᠭᠳᠠᠯ ᠠᠴᠠ ᠠᠪᠴᠤ ᠦᠵᠡᠪᠡᠯ ᠂ ︽ᠬᠤᠶᠠᠷ ᠭᠤᠣᠯᠳᠠᠯᠭ᠎ᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠨᠢ ᠤᠯᠠᠨ ᠤᠯᠤᠰ ᠤᠨ ᠣᠷᠴᠢᠨ ᠲᠣᠭᠤᠷᠢᠨ ᠤ ᠭᠦᠨᠵᠡᠭᠡᠢ ᠬᠤᠪᠢᠷᠠᠯᠲᠠ ᠶᠢ ᠠᠷᠭᠠᠴᠠᠭᠠᠵᠤ ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠂ ᠪᠠᠰᠠ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠪᠣᠳᠠᠲᠤ ᠬᠡᠷᠡᠭᠴᠡᠭᠡ ᠪᠠᠶᠢᠵᠤ ᠂ ᠣᠳᠣᠬᠠᠨ ᠤ ᠪᠡᠯᠡ ᠣᠷᠣᠭᠤᠯᠤᠯᠲᠠ ᠪᠠ ᠬᠡᠷᠡᠭᠯᠡᠭᠡ ᠶᠢ ᠲᠠᠶᠢᠴᠢᠯᠠᠵᠤ ᠴᠢᠳᠠᠬᠤ ᠪᠠᠷ ᠪᠠᠷᠠᠬᠤ ᠦᠭᠡᠢ ᠂ ᠪᠠᠰᠠ ᠤᠷᠳᠤ ᠬᠤᠭᠤᠴᠠᠭᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠳᠡᠶᠢᠯᠬᠦ ᠶᠤᠮ ᠃ ᠣᠳᠣᠬᠠᠨ ᠳᠤ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠲᠠᠢ ᠬᠠᠮᠲᠤᠷᠠᠨ ᠳᠡᠭᠡᠷ᠎ᠡ ᠠᠴᠠ ᠳᠣᠷᠣᠭᠰᠢ ︽ᠬᠤᠶᠠᠷ ᠭᠤᠣᠯᠳᠠᠯᠭ᠎ᠠ︾ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠶᠢ ᠰᠠᠶᠢᠲᠤᠷ ᠠᠳᠬᠤᠬᠤ ᠶᠢᠨ ᠬᠠᠮᠲᠤ ᠲᠥᠷᠥ ᠶᠢᠨ ᠪᠣᠳᠣᠯᠭ᠎ᠠ ᠂ ᠲᠥᠯᠥᠪᠵᠢᠭᠦᠯᠪᠡ ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ︽ᠵᠥᠭᠡᠯᠡᠨ ᠲᠣᠨᠤᠭ ᠤᠨ ᠪᠠᠶᠢᠭᠤᠯᠤᠯᠲᠠ︾ ᠶᠢ ᠵᠡᠷᠭᠡ ᠪᠠᠷ ᠲᠦᠷᠭᠡᠳᠬᠡᠨ ᠠᠬᠢᠭᠤᠯᠵᠤ ᠂ ᠣᠷᠣᠭᠤᠯᠤᠯᠲᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠂ ᠣᠷᠣᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠂ ︽ᠬᠠᠲᠠᠭᠤ ᠪᠡᠯᠡ ᠣᠷᠣᠭᠤᠯᠤᠯᠲᠠ ︾ ᠬᠢᠭᠡᠳ ︽ᠵᠥᠭᠡᠯᠡᠨ ᠲᠣᠨᠤᠭ ᠤᠨ ᠪᠠᠶᠢᠭᠤᠯᠤᠯᠲᠠ︾ ᠶᠢ ᠨᠢᠭᠡᠳᠦᠯᠲᠡᠶ ᠲᠥᠯᠥᠪᠯᠡᠵᠦ ᠂ ︽ᠬᠤᠶᠠᠷ ᠭᠤᠣᠯᠳᠠᠯᠭ᠎ᠠ︾ ᠬᠠᠷᠠᠯᠲᠠ ᠶᠢ ᠬᠠᠮᠲᠤ ᠪᠠᠷ ᠪᠡᠶᠡᠯᠡᠭᠦᠯᠵᠦ ᠪᠠᠶᠢᠨ᠎ᠠ ᠃  ︽ᠬᠤᠶᠠᠷ ᠭᠤᠣᠯᠳᠠᠯᠭ᠎ᠠ︾ ᠭᠡᠳᠡᠭ ᠨᠢ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠶᠢ ᠵᠢᠭᠠᠵᠤ ᠪᠠᠶᠢᠨ᠎ᠠ ᠃ ᠭᠠᠳᠠᠭᠠᠳᠤ ᠣᠷᠴᠢᠨ ᠨᠥᠬᠦᠴᠡᠯ ᠤᠨ ᠲᠣᠭᠲᠠᠪᠤᠷᠢ ᠦᠭᠡᠢ ᠴᠢᠨᠠᠷ ᠳᠡᠭᠡᠭᠰᠢᠯᠡᠭᠰᠡᠨ ᠪᠠᠶᠢᠳᠠᠯ ᠳᠣᠣᠷ᠎ᠠ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠠᠬᠢᠭᠤᠯᠬᠤ ᠳᠤ ᠳᠣᠲᠣᠭᠠᠳᠤ ᠬᠡᠷᠡᠭᠴᠡᠭᠡ ᠳᠤ ᠨᠡᠩ ᠤᠯᠠᠨ ᠲᠦᠰᠢᠭᠯᠡᠵᠦ ᠂ ︽ᠬᠤᠶᠠᠷ ᠰᠢᠨ᠎ᠡ︾ ᠪᠠᠷ ᠳᠠᠮᠵᠢᠭᠤᠯᠤᠨ ᠬᠡᠷᠡᠭᠯᠡᠭᠡᠨ ᠤ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠬᠡᠷᠡᠭᠲᠡᠢ ᠃ ᠨᠢᠳᠤᠨᠤᠨ ᠤ 3 ᠳ᠋ᠤᠭᠠᠷ ᠰᠠᠷ᠎ᠠ ᠳᠤ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ ᠂ ᠲᠥᠬᠦᠭᠡᠷᠦᠮᠵᠢ ᠶᠢ ᠰᠢᠨᠡᠳᠬᠡᠬᠦ ᠂ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠂ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠂ ᠪᠠᠷᠢᠮᠵᠢᠶ᠎ᠠ ᠶᠢ ᠳᠡᠭᠡᠭᠰᠢᠯᠡᠭᠦᠯᠬᠦ ᠳᠥᠷᠪᠡᠨ ᠶᠡᠭᠡ ᠠᠵᠢᠯᠯᠠᠭ᠎ᠠ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠳᠤ ᠲᠣᠬᠢᠷᠠᠭᠤᠯᠤᠯᠲᠠ ᠬᠢᠪᠠ ᠃ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠨᠢᠭᠡᠨᠲᠡ ᠬᠡᠷᠡᠭᠵᠢᠭᠦᠯᠬᠦ ᠲᠥᠰᠦᠯ ᠪᠠ ᠬᠡᠷᠡᠭᠵᠢᠭᠦᠯᠬᠦ ᠨᠠᠷᠢᠨ ᠲᠦᠷᠢᠮ ᠢ 300 ᠰᠢᠬᠠᠮ ᠵᠦᠢᠯ ᠨᠡᠶᠢᠲᠡᠯᠡᠵᠦ ᠂ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢᠨ ᠬᠥᠲᠥᠯᠦᠨ ᠵᠢᠯᠣᠭᠤᠳᠴᠤ ᠳᠠᠶᠢᠴᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠂ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠪᠠᠷ ᠶᠠᠰᠤ ᠴᠢᠨᠠᠷ ᠰᠢᠨ᠎ᠡ ᠠᠮᠢᠳᠤᠷᠠᠯ ᠂ ᠠᠵᠤ ᠦᠢᠯᠡᠰ ᠤᠨ ᠰᠢᠨ᠎ᠡ ᠬᠥᠳᠡᠯᠭᠡᠬᠦ ᠬᠦᠴᠦᠨ ᠂ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠴᠢᠷᠮᠠᠶᠢᠨ ᠬᠥᠭᠵᠢᠭᠡᠵᠦ ᠂ ᠦᠨᠡᠨ ᠠᠯᠲᠠ ᠮᠥᠩᠭᠦ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠪᠠ ᠃ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠳᠣᠤᠷ᠎ᠠ ᠂ ᠭᠤᠤᠯᠳᠠᠯᠭ᠎ᠠ ᠲᠠᠢ ᠬᠦᠷᠢᠶᠡᠨ ᠳᠠᠬᠢ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ ᠂ ᠡᠯ᠎ᠡ ᠭᠠᠵᠠᠷ ᠣᠷᠣᠨ ᠪᠥᠬᠦ ᠤᠯᠤᠰ ᠤᠨ ᠮᠠᠰᠢᠨ ᠲᠡᠷᠭᠡᠨ ᠤ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠰᠣᠯᠢᠵᠤ ᠰᠢᠨᠡᠳᠬᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠥᠬᠡᠯᠢᠭ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠠᠬᠢᠭᠤᠯᠵᠤ ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠴᠢᠳᠠᠪᠤᠷᠢ ᠶᠢ ᠬᠥᠮᠦᠵᠢᠭᠦᠯᠬᠦ ᠶᠢ ᠢᠳᠡᠪᠬᠢᠲᠡᠶ ᠠᠬᠢᠴᠠ ᠲᠠᠢ ᠪᠣᠯᠭᠠᠵᠤ ᠂ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ ᠦᠢᠯᠡᠳᠦᠯ ᠢ ᠠᠯᠬᠤᠮ ᠠᠯᠬᠤᠮ ᠢᠶᠠᠷ ᠢᠯᠡᠷᠡᠭᠦᠯᠪᠡ ᠃  ︽ᠬᠤᠶᠠᠷ ᠭᠤᠣᠯᠳᠠᠯᠭ᠎ᠠ︾ ᠂ ︽ᠬᠤᠶᠠᠷ ᠰᠢᠨ᠎ᠡ︾ ᠨᠢ ᠮᠠᠨ ᠤ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠲᠠᠢ ᠬᠤᠯᠪᠣᠭᠳᠠᠵᠤ ᠂ ᠣᠳᠣᠬᠠᠨ ᠳᠤ ᠠᠰᠢᠭᠲᠠᠢ ᠮᠥᠷᠲᠡᠭᠡᠨ ᠠᠯᠤᠰ ᠢᠷᠡᠭᠡᠳᠦᠢ ᠳᠤ ᠴᠤ ᠠᠰᠢᠭᠲᠠᠢ ᠶᠤᠮ ᠃ ᠬᠡᠷᠡᠭᠵᠢᠭᠦᠯᠦᠭᠰᠡᠨ ᠦᠷ᠎ᠡ ᠳ᠋ᠦᠩ ᠠᠴᠠ ᠦᠵᠡᠪᠡᠯ ᠂ 2024 ᠣᠨ ᠠᠴᠠ ᠨᠠᠭᠠᠰᠢ ᠂ ︽ᠬᠤᠶᠠᠷ ᠭᠤᠣᠯᠳᠠᠯᠭ᠎ᠠ︾ ᠶᠢᠨ ᠪᠥᠲᠥᠭᠡᠨ ᠪᠠᠶᠢᠭᠤᠯᠤᠯᠲᠠ ᠪᠠ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠪᠠᠷ ᠭᠤᠤᠯᠳᠠᠯᠭ᠎ᠠ ᠲᠠᠢ ᠬᠦᠷᠢᠶᠡᠨ ᠳᠠᠬᠢ ᠪᠠᠯᠠ ᠣᠷᠣᠭᠤᠯᠤᠯᠲᠠ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠪᠠᠯᠠ ᠣᠷᠣᠭᠤᠯᠤᠯᠲᠠ ᠴᠥᠮ ᠨᠡᠯᠢᠶᠡᠳ ᠲᠦᠷᠭᠡᠨ ᠨᠡᠮᠡᠭᠳᠡᠵᠦ ᠂ ᠪᠠᠯᠠ ᠣᠷᠣᠭᠤᠯᠤᠯᠲᠠ ᠶᠢᠨ ᠥᠷᠭᠡᠳᠬᠦ ᠶᠢ ᠲᠤᠯᠭᠠᠭᠤᠷᠢᠯᠠᠵᠤ ᠂ ᠠᠵᠤ ᠠᠬᠤᠶ ᠶᠢᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠪᠠ ᠃ 2024 ᠣᠨ ᠤ 1 ᠳ᠋ᠦ᠋ᠭᠡᠷ ᠰᠠᠷ᠎ᠠ ᠠᠴᠠ 11 ᠰᠠᠷ᠎ᠠ ᠪᠣᠯᠲᠠᠯ᠎ᠠ ᠂ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠦᠢᠯᠡᠰ ᠤᠨ ᠪᠡᠯᠡ ᠣᠷᠣᠭᠤᠯᠤᠯᠲᠠ 40.9% ᠨᠡᠮᠡᠭᠳᠡᠵᠦ ᠂ ᠠᠭᠠᠷ ᠤᠨ ᠲᠡᠭᠡᠭᠡᠪᠦᠷᠢ ᠶᠢᠨ ᠦᠢᠯᠡᠰ ᠤᠨ ᠪᠡᠯᠡ ᠣᠷᠣᠭᠤᠯᠤᠯᠲᠠ 18.2% ᠨᠡᠮᠡᠭᠳᠡᠵᠦ ᠂ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ ᠤᠨ ᠪᠡᠯᠡ ᠣᠷᠣᠭᠤᠯᠤᠯᠲᠠ 15.0% ᠨᠡᠮᠡᠭᠳᠡᠪᠡ ᠃ ᠲᠣᠨᠤᠭ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠬᠤᠳᠠᠯᠳᠤᠨ ᠠᠪᠤᠭᠰᠠᠨ ᠪᠡᠯᠡ ᠣᠷᠣᠭᠤᠯᠤᠯᠲᠠ 15.8% ᠪᠠᠷ ᠨᠡᠮᠡᠭᠳᠡᠵᠦ ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 65.3% ᠳᠤ ᠬᠦᠷᠴᠡᠢ ᠃ ᠬᠡᠷᠡᠭᠯᠡᠭᠡᠨ ᠤ ᠵᠦᠢᠯ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠪᠦᠬᠦᠯᠢ ᠴᠣᠭᠴᠠ ᠪᠠᠷ ᠨᠢ ᠬᠠᠮᠢᠶ᠎ᠠ ᠪᠥᠬᠦᠶ ᠦᠢᠯᠡᠳᠭᠦᠨ ᠤ ᠪᠣᠷᠣᠯᠠᠭᠤᠯᠤᠯᠲᠠ ᠶᠢᠨ ᠬᠡᠮᠵᠢᠶ᠎ᠡ 1 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ᠃ 2024 ᠣᠨ ᠤ 1 ᠳ᠋ᠦ᠋ᠭᠡᠷ ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠪᠡ︔ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 959.4 ᠲᠦᠮᠡ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 41.2 % ᠢᠶᠠᠷ ᠨᠡᠮᠡᠭᠳᠡᠪᠡ ᠃ 2024 ᠣᠨ ᠤ 12 ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ ᠂ ᠨᠢᠭᠡᠨᠲᠡ 2963.8 ᠲᠦᠮᠡᠨ ᠬᠡᠷᠡᠭᠯᠡᠭᠴᠢᠳ ᠪᠦᠬᠦ ᠤᠯᠤᠰ ᠤᠨ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠵᠤ ᠂ ᠨᠠᠢᠮᠠᠨ ᠶᠡᠭᠡ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠭᠦᠨ ᠢ ᠨᠡᠶᠢᠲᠡ 4585 ᠲᠦᠮᠡ ᠬᠤᠳᠠᠯᠳᠤᠨ ᠠᠪᠴᠤ ᠂ ᠪᠣᠷᠣᠯᠠᠭᠤᠯᠤᠯᠲᠠ ᠶᠢᠨ ᠬᠡᠮᠵᠢᠶ᠎ᠡ ᠨᠢ 2019 .7 ᠳ᠋ᠦᠩᠰᠢᠭᠤᠷ ᠲᠥᠭᠦᠷᠢᠭ ᠲᠤ ᠬᠦᠷᠴᠦ ᠂ ᠡᠭᠦᠨ ᠳᠤ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠶᠢᠨ ᠦᠢᠯᠡᠳᠭᠦᠨ ᠤ ᠪᠣᠷᠣᠯᠠᠭᠤᠯᠤᠯᠲᠠ ᠶᠢᠨ ᠬᠡᠮᠵᠢᠶ᠎ᠡ ᠨᠢ ᠶᠢᠰᠦᠨ ᠬᠤᠪᠢ ᠶᠢ ᠳᠠᠪᠠᠵᠤ ᠂ ᠬᠡᠷᠡᠭᠯᠡᠭᠡ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠂ ᠪᠦᠲᠦᠴᠡ ᠶᠢᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠪᠠ ᠃  ᠨᠢᠲᠤᠨᠤᠨ ᠵᠢᠯ ᠤᠨ ᠡᠴᠦᠰ ᠲᠤ ᠬᠤᠷᠠᠯᠲᠤᠭᠰᠠᠨ ᠳᠦᠪ ᠤᠨ ᠠᠵᠤ ᠠᠬᠤᠢ ᠶᠢᠨ ᠠᠵᠢᠯ ᠤᠨ ᠬᠤᠷᠠᠯᠲᠤᠭᠠᠨ ᠳᠤ ︽ᠨᠡᠩ ᠢᠲᠡᠪᠭᠢᠲᠠᠢ ᠡᠳ᠋ ᠤᠨ ᠵᠠᠰᠠᠭ ᠤᠨ ᠳᠦᠷᠦ ᠶᠢᠨ ᠪᠤᠲᠤᠯᠭ᠎ᠠ ᠶᠢ ᠬᠡᠷᠡᠭᠵᠢᠭᠦᠯᠭᠦ ᠬᠡᠷᠡᠭᠲᠡᠢ︾ ᠂ ︽︿ᠬᠤᠶᠠᠷ ᠭᠤᠣᠯᠳᠠᠯᠭ᠎ᠠ﹀ ᠶᠢᠨ ᠵᠦᠢᠯᠡᠰ ᠪᠠ ︿ᠬᠤᠶᠠᠷ ᠰᠢᠨ᠎ᠡ﹀ ᠶᠢᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠢ︾ ᠭᠡᠵᠦ ᠳᠤᠷᠠᠳᠤᠨ ᠭᠠᠷᠭᠠᠵᠠᠢ ᠃ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠭᠤᠣᠯᠳᠠᠯᠭ᠎ᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ︽ᠰᠠᠭᠤᠷᠢ ᠴᠢᠯᠠᠭᠤ︾ ᠶᠢᠨ ᠦᠢᠯᠡᠳᠦᠯ ᠢ ᠪᠠᠳᠠᠷᠠᠭᠤᠯᠬᠤ ᠪᠣᠯᠤᠨ᠎ᠠ︔ ︽ᠬᠤᠶᠠᠷ ᠰᠢᠨ᠎ᠡ︾ ᠶᠢᠨ ᠠᠵᠢᠯ ᠢ ᠬᠦᠴᠦᠯᠡᠨ ᠰᠠᠶᠢᠲᠤᠷ ᠬᠢᠵᠦ ᠂ ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠠᠮᠵᠢᠯᠴᠠᠨ ᠬᠦᠴᠦᠯᠡᠵᠦ ᠂ ᠪᠠᠯᠠ ᠣᠷᠣᠭᠤᠯᠤᠯᠲᠠ ᠬᠡᠷᠡᠭᠯᠡᠭᠡ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠣᠶ ᠪᠣᠯᠭᠠᠬᠤ ᠶᠢ ᠠᠬᠢᠭᠤᠯᠵᠤ ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠬᠦ ᠶᠢ ᠲᠤᠯᠭᠠᠭᠤᠷᠢᠯᠠᠨ᠎ᠠ ᠃  ᠵᠣᠬᠢᠶᠠᠮᠠᠯ ᠣᠶᠤᠨ + ︽ᠵᠣᠬᠢᠶᠠᠮᠠᠯ ᠣᠶᠤᠨ +︾ ᠠᠵᠢᠯᠯᠠᠭ᠎ᠠ ᠠᠪᠴᠦ ᠪᠤᠢ  ᠱᠠᠩᠬᠠᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠢ ᠰᠤᠳᠤᠯᠬᠤ ᠭᠠᠵᠠᠷ ᠤᠨ ᠳᠠᠷᠤᠭ᠎ᠠ  ᠱᠧᠨ ᠺᠠᠢ ᠶᠠᠨ  ︽ᠵᠣᠬᠢᠶᠠᠮᠠᠯ ᠣᠶᠤᠨ +︾ ᠪᠣᠯ ᠵᠣᠬᠢᠶᠠᠮᠠᠯ ᠤᠶᠤᠨ ᠢ ᠨᠡᠶᠢᠭᠡᠮ ᠤᠨ ᠦᠢᠯᠡᠳᠪᠦᠷᠢᠯᠡᠯ ᠠᠮᠢᠳᠤᠷᠠᠯ ᠤᠨ ᠡᠯ᠎ᠡ ᠠᠵᠢᠯ ᠲᠦᠷᠦᠯ ᠡᠯ᠎ᠡ ᠲᠠᠯ᠎ᠠ ᠳᠤ ᠠᠭᠤᠰᠤᠯᠴᠠᠭᠤᠯᠵᠤ ᠂ ᠪᠦᠬᠦ ᠬᠦᠷᠢᠶᠡᠨ ᠤ ᠲᠣᠭᠠᠴᠢᠯᠠᠯᠲᠠ ᠂ ᠤᠶᠤᠨᠴᠢᠯᠠᠯᠳᠠ ᠶᠢᠨ ᠬᠤᠪᠢᠰᠤᠯᠲᠠ ᠶᠢ ᠠᠬᠢᠭᠤᠯᠬᠤ ᠶᠠᠪᠤᠳᠠᠯ ᠪᠣᠯᠤᠨ᠎ᠠ ᠃ ᠠᠳᠡᠬᠢ ︽+︾ ᠨᠢ ᠳᠥᠭᠦᠮᠬᠡᠨ ᠮᠡᠷᠭᠡᠵᠢᠯ ᠳᠠᠪᠬᠤᠴᠠᠵᠤ ᠪᠠᠶᠢᠬᠤ ᠪᠢᠰᠢ ᠂ ᠬᠠᠷᠢᠨ ᠨᠢᠭᠡ ᠵᠦᠢᠯ ᠤᠨ ᠨᠤᠷᠠᠭᠠᠯᠲᠠ ᠶᠢᠨ ᠴᠢᠨᠠᠷᠲᠠᠢ ᠰᠢᠨ᠎ᠡ ᠶᠢ ᠡᠭᠦᠳᠬᠦ ᠶᠠᠪᠤᠳᠠᠯ ᠪᠣᠯᠤᠨ᠎ᠠ ᠂ ᠳᠠᠷᠤᠢ ᠵᠣᠬᠢᠶᠠᠮᠠᠯ ᠤᠶᠤᠨ ᠴᠢᠳᠠᠪᠤᠷᠢ ᠶᠢᠨ ᠪᠤᠳᠤᠬᠤ ᠠᠷᠭ᠎ᠠ ᠂ ᠪᠤᠳᠤᠬᠤ ᠴᠢᠳᠠᠪᠤᠷᠢ ᠂ ᠲᠤᠭ᠎ᠠ ᠪᠠᠷᠢᠮᠲᠠ ᠪᠠᠷ ᠭᠤᠣᠯ ᠪᠣᠯᠭᠠᠵᠤ ᠂ ᠤᠯᠠᠮᠵᠢᠯᠠᠯᠲᠤ ᠪᠠᠬᠢᠯᠡᠯᠲᠡ ᠶᠢ ᠡᠪᠳᠡᠵᠦ ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠲᠠᠬᠢᠨ ᠴᠣᠭᠴᠠᠯᠠᠵᠤ ᠂ ᠦᠢᠯᠡᠳᠬᠦᠨ ᠤ ᠬᠡᠯᠪᠡᠷᠢ ᠪᠠᠶᠢᠳᠠᠯ ᠢ ᠰᠢᠨᠡᠴᠢᠯᠡᠵᠦ ᠂ ᠦᠢᠯᠡᠴᠢᠯᠡᠭᠡᠨ ᠤ ᠵᠠᠭᠪᠤᠷ ᠢ ᠰᠢᠨᠡᠴᠢᠯᠡᠵᠦ ᠂ ᠡᠴᠦᠰ ᠲᠡᠭᠡᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠂ ᠰᠢᠨ᠎ᠡ ᠦᠷᠳᠡᠭ ᠢ ᠡᠭᠦᠳᠬᠦ ᠵᠣᠷᠢᠯᠭ᠎ᠠ ᠳᠤ ᠬᠦᠷᠬᠦ ᠪᠣᠯᠤᠨ᠎ᠠ ᠃ ᠵᠣᠬᠢᠶᠠᠮᠠᠯ ᠤᠶᠤᠨ ᠠᠴᠠ ︽ᠵᠣᠬᠢᠶᠠᠮᠠᠯ ᠤᠶᠤᠨ +︾ ᠪᠣᠯᠲᠠᠯ᠎ᠠ ᠂ ᠵᠣᠬᠢᠶᠠᠮᠠᠯ ᠤᠶᠤᠨ ᠨᠢ ᠶᠠᠭ ᠪᠢᠳᠡᠨ ᠤ ᠦᠢᠯᠡᠳᠪᠦᠷᠢᠯᠡᠯ ᠠᠮᠢᠳᠤᠷᠠᠯ ᠳᠤ ᠭᠦᠨᠵᠡᠭᠡᠢ ᠠᠭᠤᠰᠤᠯᠴᠠᠵᠤ ᠪᠠᠶᠢᠬᠤ ᠶᠢ ᠲᠤᠰᠬᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠤᠯᠵᠤ ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠲᠥᠯᠥᠭᠡᠯᠡᠵᠦ ᠪᠠᠶᠢᠨ᠎ᠠ ᠃  ︽ᠵᠣᠬᠢᠶᠠᠮᠠᠯ ᠣᠶᠤᠨ +︾ ᠤ ᠨᠢᠭᠡᠨ ᠢᠯᠡᠷᠬᠡᠶ ᠣᠨᠴᠠᠯᠢᠭ ᠪᠤᠯ ᠤᠯᠠᠮᠵᠢᠯᠠᠯᠲᠤ ᠠᠵᠤ ᠦᠢᠯᠡᠰ ᠪᠤᠯᠤᠨ᠎ᠠ ᠃ ᠵᠣᠬᠢᠶᠠᠮᠠᠯ ᠣᠶᠤᠨ ᠨᠢ ᠲᠤᠭ᠎ᠠ ᠪᠠᠷᠢᠮᠲᠠ ᠶᠢ ᠰᠢᠢᠳᠪᠦᠷᠢᠯᠡᠬᠦ ᠂ ᠵᠠᠳᠠᠯᠬᠤ ᠂ ᠲᠥᠰᠦᠭᠡᠯᠡᠬᠦ ᠵᠡᠷᠭᠡ ᠲᠠᠯ᠎ᠠ ᠶᠢᠨ ᠴᠢᠳᠠᠪᠤᠷᠢ ᠪᠠᠷ ᠮᠠᠰᠢ ᠴᠢᠩᠭ᠎ᠠ ᠂ ᠵᠠᠷᠢᠮ ᠮᠡᠷᠭᠡᠵᠢᠯ ᠂ ᠵᠢᠱᠢᠶᠡᠯᠡᠪᠡᠯ ᠮᠠᠰᠢᠨ ᠰᠤᠷᠤᠯᠴᠠᠬᠤ ᠂ ᠦᠭᠡ ᠬᠡᠯᠡᠨ ᠤ ᠰᠢᠢᠳᠪᠦᠷᠢᠯᠡᠯᠲᠡ ᠂ ᠺᠣᠮᠫᠢᠦ᠋ᠲ᠋ᠧᠷ ᠤᠨ ᠬᠠᠷᠠᠭᠠᠨ ᠰᠡᠷᠡᠯ ᠵᠡᠷᠭᠡ ᠤᠯᠠᠮᠵᠢᠯᠠᠯᠲᠤ ᠠᠵᠤ ᠦᠢᠯᠡᠰ ᠤᠨ ᠦᠢᠯᠡᠳᠪᠦᠷᠢᠯᠡᠯ ᠪᠠ ᠠᠵᠢᠯᠯᠠᠭᠠᠨ ᠤ ᠶᠠᠪᠤᠴᠠ ᠳᠤ ᠰᠢᠭᠢᠳᠴᠦ ᠂ ᠤᠯᠠᠮᠵᠢᠯᠠᠯᠲᠤ ᠠᠵᠤ ᠦᠢᠯᠡᠰ ᠲᠤ ᠣᠶᠤᠨᠴᠢᠯᠠᠭᠰᠠᠨ ︽ᠶᠡᠭᠡ ᠲᠠᠷᠢᠬᠢ︾ ᠤᠭᠰᠠᠷᠠᠭᠰᠠᠨ ᠪᠠᠶᠢᠨ᠎ᠠ ᠃ ᠵᠢᠱᠢᠶᠡᠯᠡᠪᠡᠯ ᠲᠠᠷᠢᠶᠠᠯᠠᠩ ᠤᠨ ᠬᠦᠷᠢᠶᠡᠨ ᠳᠤ ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠵᠢᠷᠠᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠂ ᠬᠥᠮᠦᠰ ᠵᠢᠷᠤᠭ ᠳᠦᠷᠰᠦ ᠢᠯᠭᠠᠨ ᠲᠠᠨᠢᠬᠤ ᠮᠡᠷᠭᠡᠵᠢᠯ ᠢ ᠵᠣᠬᠢᠴᠠᠭᠤᠯᠬᠤ ᠵᠢᠯᠣᠭᠤᠴᠢ ᠥᠬᠡᠶ ᠮᠠᠰᠢᠨ ᠢᠶᠠᠷ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠪᠠᠶᠢᠳᠠᠯ ᠂ ᠤᠷᠭᠤᠯᠲᠠ ᠶᠢᠨ ᠪᠠᠶᠢᠳᠠᠯ ᠢ ᠬᠢᠨᠠᠨ ᠬᠡᠮᠵᠢᠵᠦ ᠂ ᠤᠶᠤᠨᠲᠤ ᠰᠡᠷᠡᠯ ᠳᠠᠮᠵᠢᠭᠤᠯᠤᠭᠴᠢ ᠪᠠᠷ ᠤᠰᠤ ᠬᠦᠷᠦᠰᠦ ᠶᠢᠨ ᠴᠢᠭᠢᠭ ᠤᠨ ᠬᠡᠮᠵᠢᠶ᠎ᠡ ᠂ ᠪᠣᠷᠲᠣᠭᠤᠷ ᠢ ᠵᠠᠳᠠᠯᠵᠤ ᠪᠣᠯᠤᠨ᠎ᠠ ᠃ ᠣᠯᠠᠨ ᠬᠦᠷᠢᠶ᠎ᠡ ᠴᠠᠷᠠᠭ᠎ᠠ ᠳᠤ ᠂ ︽ᠵᠣᠬᠢᠶᠠᠮᠠᠯ ᠣᠶᠤᠨ +︾ ᠨᠢ ᠤᠯᠠᠮᠵᠢᠯᠠᠯᠲᠤ ᠠᠵᠤ ᠦᠢᠯᠡᠰ ᠤᠨ ᠬᠥᠳᠡᠯᠮᠦᠷᠢ ᠨᠢᠭᠲᠠᠷᠠᠭᠰᠠᠨ ᠬᠡᠯᠪᠡᠷᠢ ᠠᠴᠠ ᠣᠶᠤᠨᠴᠢᠯᠠᠭᠰᠠᠨ ᠨᠠᠷᠢᠯᠢᠭᠵᠢᠭᠤᠯᠤᠭᠰᠠᠨ ᠠᠵᠢᠯᠯᠠᠭᠠᠨ ᠲᠡᠶᠢᠰᠢ ᠤᠷᠤᠭᠰᠢᠯᠠᠬᠤ ᠳᠤ ᠬᠦᠴᠦᠨ ᠨᠡᠮᠡᠷᠢᠯᠡᠵᠦ ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ ᠂ ᠪᠠᠰᠠ ᠦᠢᠯᠡᠳᠪᠦᠷᠢᠯᠡᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ ᠴᠢᠳᠠᠨ᠎ᠠ ᠃  ︽ᠵᠣᠬᠢᠶᠠᠮᠠᠯ ᠣᠶᠤᠨ +︾ ᠨᠢ ᠳ᠋ᠠᠶᠢᠲ᠋ᠠ ᠪᠠᠷ ᠬᠥᠳᠡᠯᠭᠡᠭᠦᠷ ᠪᠣᠯᠭᠠᠬᠤ ᠪᠠ ᠠᠵᠤ ᠦᠢᠯᠡᠰ ᠤᠨ ᠰᠢᠨ᠎ᠡ ᠶᠢ ᠡᠭᠦᠳᠬᠦ ᠲᠠᠯ᠎ᠠ ᠪᠠᠷ ᠪᠠᠰᠠ ᠨᠡᠯᠢᠶᠡᠳ ᠶᠡᠭᠡ ᠰᠢᠪᠲᠤᠯᠤᠯᠲᠠ ᠭᠠᠷᠭᠠᠵᠤ ᠂ ᠢᠯᠠᠩᠭᠤᠶ᠎ᠠ ᠵᠠᠷᠢᠮ ᠠᠵᠢᠯ ᠲᠥᠷᠥᠯ ᠤᠨ ᠬᠥᠭᠵᠢᠯᠲᠡ ᠶᠢᠨ ᠪᠣᠭᠤᠮᠢ ᠶᠢ ᠡᠪᠳᠡᠵᠦ ᠂ ᠶᠡᠭᠡ ᠬᠡᠮᠵᠢᠶᠡᠨ ᠤ ᠣᠯᠠᠨ ᠡᠰᠢᠲᠦ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢ ᠬᠥᠭᠵᠢᠭᠡᠵᠦ ᠂ ᠡᠭᠦᠨ ᠤ ᠤᠯᠠᠮ ᠢᠶᠠᠷ ᠵᠠᠷᠢᠮ ᠰᠢᠨ᠎ᠡ ᠠᠵᠤ ᠦᠢᠯᠡᠰ ᠂ ᠰᠢᠨ᠎ᠡ ᠲᠤᠬᠠᠶᠢᠯᠠᠭᠰᠠᠨ ᠠᠵᠢᠯ ᠂ ᠰᠢᠨ᠎ᠡ ᠵᠠᠭᠪᠤᠷ ᠢ ᠪᠣᠶ ᠪᠣᠯᠭᠠᠪᠠ ᠃ ᠤᠶᠤᠨᠴᠢ ᠪᠡᠯᠡ ᠣᠷᠣᠭᠤᠯᠤᠯᠲᠠ ᠪᠣᠯ ᠳᠠᠷᠤᠢ ᠵᠣᠬᠢᠶᠠᠮᠠᠯ ᠣᠶᠤᠨ ᠴᠢᠳᠠᠪᠤᠷᠢ ᠪᠠ ᠮᠥᠩᠭᠦᠨ ᠭᠦᠢᠯᠭᠡᠭᠡᠨ ᠤ ᠠᠭᠤᠰᠤᠯᠴᠠᠨ ᠰᠢᠨ᠎ᠡ ᠶᠢ ᠡᠭᠦᠳᠬᠦ ᠪᠦᠲᠦᠭᠡᠭᠳᠡᠬᠦᠨ ᠮᠥᠨ ᠃ ᠲᠡᠷᠡ ᠨᠢ ᠪᠣᠳᠣᠬᠤ ᠠᠷᠭ᠎ᠠ ᠶᠢᠨ ᠵᠠᠭᠪᠤᠷ ᠢ ᠲᠦᠰᠢᠭᠯᠡᠵᠦ ᠂ ᠬᠡᠷᠡᠭᠯᠡᠭᠴᠢᠳ ᠤᠨ ᠠᠶᠤᠯ ᠲᠦᠭᠰᠢᠭᠦᠷᠢ ᠶᠢᠨ ᠳᠤᠷᠠᠰᠢᠯ ᠂ ᠡᠳ᠋ ᠤᠨ ᠶᠠᠪᠤᠳᠠᠯ ᠤᠨ ᠪᠠᠶᠢᠳᠠᠯ ᠵᠡᠷᠭᠡ ᠲᠠᠢ ᠤᠶᠠᠯᠳᠤᠭᠤᠯᠤᠨ ᠥᠪᠡᠷᠮᠢᠴᠡ ᠪᠡᠯᠡ ᠣᠷᠣᠭᠤᠯᠬᠤ ᠲᠥᠰᠦᠯ ᠢ ᠲᠣᠭᠲᠠᠭᠠᠵᠤ ᠂ ᠡᠩ ᠤᠨ ᠪᠡᠯᠡ ᠣᠷᠣᠭᠤᠯᠤᠭᠴᠢᠳ ᠲᠤ ᠴᠢᠨᠠᠷ ᠰᠠᠶᠢᠲᠠᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠡᠳ᠋ᠯᠡᠭᠦᠯᠵᠦ ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠠᠭ ᠢ ᠥᠷᠭᠡᠳᠭᠡᠵᠡᠢ ᠃ ᠵᠣᠬᠢᠶᠠᠮᠠᠯ ᠣᠶᠤᠨ ᠳᠤ ᠪᠠᠰᠠ ᠴᠠᠬᠢᠮ ᠰᠤᠳᠤᠯᠤᠨ ᠨᠡᠭᠡᠭᠡᠬᠦ ᠂ ᠲᠤᠭ᠎ᠠ ᠪᠠᠷᠢᠮᠲᠠ ᠶᠢ ᠲᠣᠳᠣᠷᠬᠠᠶᠢᠯᠠᠬᠤ ᠂ ᠪᠤᠳᠤᠬᠤ ᠠᠷᠭ᠎ᠠ ᠶᠢ ᠰᠢᠯᠢᠳᠡᠭᠵᠢᠭᠦᠯᠬᠦ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶ ᠪᠣᠯᠭᠠᠵᠤ ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠵᠤ ᠂ ᠠᠵᠤ ᠠᠬᠤᠶ ᠶᠢᠨ ᠰᠢᠨ᠎ᠡ ᠦᠷ᠎ᠡ ᠠᠰᠢᠭ ᠪᠠ ᠠᠵᠢᠯ ᠣᠯᠭᠤᠬᠤ ᠲᠣᠬᠢᠶᠠᠯ ᠢ ᠪᠣᠶ ᠪᠣᠯᠭᠠᠵᠤ ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠪᠠ ᠃  ︽ᠵᠣᠬᠢᠶᠠᠮᠠᠯ ᠣᠶᠤᠨ +︾ ᠨᠢ ᠪᠠᠰᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠭᠡᠬᠦ ᠳᠤ ᠠᠰᠢᠭᠲᠠᠢ ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠂ 2024 ᠣᠨ ᠤ 6 ᠳ᠋ᠤᠭᠠᠷ ᠰᠠᠷ᠎ᠠ ᠪᠣᠯᠲᠠᠯ᠎ᠠ ᠂ ᠮᠠᠨ ᠤ ᠤᠯᠤᠰ ᠤᠨ ᠪᠣᠶ ᠪᠣᠯᠤᠭᠰᠠᠨ ᠬᠡᠯᠪᠡᠷᠢ ᠶᠢᠨ ᠵᠣᠬᠢᠶᠠᠮᠠᠯ ᠣᠶᠤᠨᠴᠢ ᠦᠢᠯᠡᠳᠬᠦᠨ ᠤ ᠬᠡᠷᠡᠭᠯᠡᠭᠴᠢ ᠶᠢᠨ ᠬᠡᠪᠴᠢᠶ᠎ᠡ 2.3 ᠳ᠋ᠦᠩᠰᠢᠭᠤᠷ ᠬᠥᠮᠦᠨ ᠳᠤ ᠬᠦᠷᠴᠦ ᠂ ᠪᠦᠬᠦᠯᠢ ᠴᠣᠭᠴᠠ ᠶᠢᠨ ᠬᠥᠮᠦᠨ ᠠᠮᠠ ᠶᠢᠨ 16.4% ᠶᠢ ᠡᠵᠡᠯᠡᠪᠡ ᠃ ᠣᠶᠢᠷ᠎ᠠ ᠶᠢᠨ ᠵᠢᠯ ᠤᠳ ᠲᠤ ᠂ ᠠᠷᠠᠳ ᠣᠯᠠᠨ ᠤ ᠥᠪᠡᠷᠮᠢᠴᠡ ᠴᠢᠨᠠᠷᠲᠠᠶ ᠂ ᠤᠶᠤᠨᠴᠢᠯᠠᠭᠰᠠᠨ ᠦᠢᠯᠡᠳᠬᠦᠨ ᠪᠠ ᠦᠢᠯᠡᠴᠢᠯᠡᠭᠡᠨ ᠤ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠵᠦ ᠂ ᠬᠠᠮᠢᠶ᠎ᠠ ᠪᠥᠬᠦᠶ ᠦᠢᠯᠡᠳᠬᠦᠨ ᠪᠠ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠢ ᠠᠬᠢᠭᠤᠯᠵᠤ ᠪᠠᠶᠢᠨ᠎ᠠ ᠃ ᠵᠢᠱᠢᠶᠡᠯᠡᠪᠡᠯ ᠂ ᠣᠶᠤᠨᠴᠢ ᠭᠡᠷ ᠤᠨ ᠡᠳ᠋ᠯᠡᠯ ᠬᠡᠷᠡᠭᠰᠡᠯ ᠂ ᠣᠶᠤᠨᠴᠢ ᠡᠮᠦᠰᠴᠦ ᠵᠡᠭᠦᠬᠦ ᠦᠢᠯᠡᠳᠬᠦᠨ ᠴᠣᠯᠭᠤᠷᠠᠨ ᠭᠠᠷᠴᠤ ᠂ ᠬᠡᠷᠡᠭᠯᠡᠭᠡᠨ ᠤ ᠰᠢᠨ᠎ᠡ ᠬᠡᠷᠡᠭᠴᠡᠭᠡ ᠶᠢ ᠡᠭᠦᠳᠦᠭᠰᠡᠨ ᠪᠥᠭᠡᠳ ᠠᠵᠤ ᠠᠬᠤᠶ ᠶᠢᠨ ᠨᠡᠮᠡᠭᠳᠡᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ ᠃ ᠡᠨᠡ ᠨᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ︽ᠵᠣᠬᠢᠶᠠᠮᠠᠯ ᠣᠶᠤᠨ +︾ ᠤ ᠣᠷᠣᠭᠤᠯᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ ᠂ ᠬᠠᠩᠭᠠᠯᠭ᠎ᠠ ᠪᠠ ᠬᠡᠷᠡᠭᠴᠡᠭᠡ ᠶᠢᠨ ᠰᠠᠶᠢᠨ ᠣᠷᠴᠢᠯ ᠢ ᠪᠣᠶ ᠪᠣᠯᠭᠠᠵᠤ ᠂ ᠢᠷᠡᠭᠡᠳᠦᠶ ᠶᠢᠨ ᠠᠵᠤ ᠠᠬᠤᠶ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠢ ᠪᠣᠶ ᠪᠣᠯᠭᠠᠪᠠ ᠃ ᠬᠡᠷᠡᠭᠯᠡᠭᠡᠨ ᠤ ᠳᠠᠪᠬᠤᠷᠭ᠎ᠠ ᠶᠢᠨ ᠰᠢᠨ᠎ᠡ ᠶᠢ ᠡᠭᠦᠳᠬᠦ ᠠᠴᠠ ᠭᠠᠳᠠᠨ᠎ᠠ ᠂ ︽ᠵᠣᠬᠢᠶᠠᠮᠠᠯ ᠣᠶᠤᠨ +︾ ᠨᠢ ᠪᠠᠰᠠ ᠰᠢᠨᠵᠢᠯᠡᠬᠦ ᠤᠬᠠᠭᠠᠨ ᠤ ᠰᠤᠳᠤᠯᠭᠠᠨ ᠳᠤ ᠥᠷᠭᠡᠨ ᠢᠶᠠᠷ ᠬᠡᠷᠡᠭᠯᠡᠵᠦ ᠪᠣᠯᠤᠨ᠎ᠠ ᠂ ᠵᠢᠱᠢᠶᠡᠯᠡᠪᠡᠯ ᠂ ᠲᠥᠰᠦᠭᠡᠯᠡᠬᠦ ᠂ ᠲᠤᠷᠰᠢᠯᠲᠠ ᠶᠢᠨ ᠵᠢᠷᠤᠭ ᠲᠥᠯᠥᠪᠯᠡᠭᠡ ᠂ ᠲᠤᠭ᠎ᠠ ᠪᠠᠷᠢᠮᠲᠠ ᠶᠢᠨ ᠵᠠᠳᠠᠯᠤᠯᠲᠠ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠮᠵᠢ ᠪᠠ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠦᠨ ᠂ ᠰᠠᠭᠤᠷᠢ ᠰᠢᠨᠵᠢᠯᠡᠭᠡᠨ ᠤ ᠬᠦᠷᠢᠶᠡᠨ ᠤ ᠬᠥᠭᠵᠢᠯᠲᠡ ᠶᠢ ᠠᠬᠢᠭᠤᠯᠤᠨ᠎ᠠ ᠃  ᠢᠷᠡᠭᠡᠳᠦᠢ ᠪᠠᠨ ᠪᠠᠷᠠᠯᠠᠬᠤᠶ᠎ᠠ ᠂ ︽ᠵᠣᠬᠢᠶᠠᠮᠠᠯ ᠤᠶᠤᠨ +︾ ᠤ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ ᠃ ᠵᠢᠱᠢᠯᠲᠡ ᠠᠴᠠ ᠦᠵᠡᠪᠡᠯ ᠂ 2028 ᠣᠨ ᠪᠣᠯᠬᠤ ᠳᠤ ᠪᠥᠬᠦ ᠪᠥᠮᠪᠥᠷᠴᠡᠭ ᠤᠨ ᠵᠣᠬᠢᠶᠠᠮᠠᠯ ᠣᠶᠤᠨ ᠤ ᠲᠠᠯ᠎ᠠ ᠶᠢᠨ ᠵᠠᠷᠤᠯᠭ᠎ᠠ ᠶᠢ ᠨᠢᠭᠡ ᠳᠠᠬᠢᠨ ᠠᠴᠠ ᠳᠡᠭᠡᠭᠰᠢ ᠨᠡᠮᠡᠭᠳᠡᠭᠦᠯᠵᠦ ᠂ 6320 ᠳ᠋ᠦᠩᠰᠢᠭᠤᠷ ᠳ᠋ᠣᠯᠯᠠᠷ ᠲᠤ ᠬᠦᠷᠭᠡᠬᠦ ᠪᠣᠯᠤᠨ᠎ᠠ ᠃ ᠡᠨᠡ ᠪᠣᠯ ᠨᠡᠯᠢᠶᠡᠳ ᠰᠠᠶᠢᠨ ᠬᠡᠪᠴᠢᠶ᠎ᠡ ᠃ ᠣᠳᠣᠬᠠᠨ ᠳᠤ ᠂ ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ ᠴᠣᠭᠴᠠ ᠶᠠᠭ ᠡᠯ᠎ᠡ ᠵᠦᠢᠯ ᠤᠨ ᠠᠷᠭ᠎ᠠ ᠬᠡᠯᠪᠡᠷᠢ ᠪᠠᠷ ᠵᠣᠬᠢᠶᠠᠮᠠᠯ ᠤᠶᠤᠨ ᠠᠵᠤ ᠦᠢᠯᠡᠰ ᠢ ᠪᠠᠶᠢᠷᠢᠰᠢᠭᠤᠯᠵᠤ ᠂ ᠢᠷᠡᠭᠡᠳᠦᠢ ᠶᠢᠨ ᠬᠥᠭᠵᠢᠯᠲᠡ ᠶᠢ ᠬᠦᠳᠦᠯᠦᠨ ᠳᠠᠭᠠᠭᠤᠯᠵᠤ ᠪᠠᠶᠢᠨ᠎ᠠ ᠃ ᠨᠢᠳᠦᠨᠦᠨ ᠵᠢᠯ ᠤᠨ ᠰᠡᠭᠦᠯᠴᠢ ᠪᠠᠷ ᠶᠠᠪᠤᠭᠳᠠᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠵᠣᠬᠢᠶᠠᠮᠠᠯ ᠣᠶᠤᠨ +︾ ᠤ ᠠᠵᠢᠯᠯᠠᠭ᠎ᠠ ᠶᠢ ᠦᠷᠨᠢᠭᠦᠯᠪᠡ ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ ᠂ ᠮᠠᠨ ᠤ ᠤᠯᠤᠰ ᠤᠨ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠪᠣᠯᠣᠨ ᠡᠯᠪᠡᠭ ᠪᠠᠶᠠᠯᠢᠭ ᠬᠡᠷᠡᠭᠯᠡᠭᠡᠨ ᠤ ᠪᠠᠶᠢᠳᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠵᠣᠬᠢᠶᠠᠮᠠᠯ ᠤᠶᠤᠨ ᠢ ᠦᠢᠯᠡᠳᠪᠦᠷᠢᠯᠡᠯ ᠦᠢᠯᠡᠳᠬᠦ ᠭᠤᠭᠴᠤᠭ᠎ᠠ ᠲᠡᠶᠢᠰᠢ ᠨᠡᠪᠴᠢᠬᠦ ᠶᠢ ᠠᠬᠢᠭᠤᠯᠵᠤ ᠂ ᠪᠦᠬᠦ ᠲᠠᠯ᠎ᠠ ᠶᠢᠨ ᠂ ᠭᠦᠨ ᠳᠠᠪᠬᠤᠷᠭ᠎ᠠ ᠶᠢᠨ ᠤᠶᠤᠨᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠰᠢᠨ᠎ᠡ ᠱᠠᠲᠤᠨ ᠳᠤ ᠲᠦᠷᠭᠡᠨ ᠳᠠᠪᠰᠢᠵᠤ ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠬᠤ ᠶᠢᠨ ᠬᠠᠮᠲᠤ ᠪᠦᠬᠦ ᠪᠥᠮᠪᠥᠷᠴᠡᠭ ᠤᠨ ᠥᠷᠢᠰᠥᠯᠳᠦᠭᠡᠨ ᠤ ᠳᠤᠮᠳᠠ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠶᠢ ᠠᠬᠢᠭᠤᠯᠤᠨ᠎ᠠ ᠃  ᠳᠤᠤᠷ᠎ᠠ ᠠᠭᠠᠷ ᠤᠨ ᠠᠵᠤ ᠠᠬᠤᠢ ︽ᠳᠠᠯᠠᠪᠴᠢ ᠳᠡᠭᠡᠷᠡᠬᠢ ᠳᠤᠮᠳᠠᠳᠤ ᠤᠯᠤᠰ︾ ᠳᠤ ᠬᠦᠰᠡᠯ ᠲᠠᠯᠪᠢᠵᠤ ᠪᠠᠶᠢᠨ᠎ᠠ  ᠳᠤᠮᠳᠠᠳᠤ ᠤᠯᠤᠰ ᠤᠨ ᠮᠡᠳᠡᠭᠡ ᠵᠠᠩᠭᠢ ᠴᠢᠮᠡᠭᠡ ᠨᠡᠪᠲᠡᠷᠡᠯᠭᠡ ᠶᠢᠨ ᠰᠤᠳᠤᠯᠭᠠᠨ ᠤ ᠬᠦᠷᠢᠶᠡᠯᠡᠩ ᠤᠨ ᠶᠡᠷᠦᠩᠬᠡᠢ ᠢᠨᠵᠧᠨᠧᠷ  ᠣᠣ ᠯᠢ  ᠳᠣᠣᠷ᠎ᠠ ᠠᠭᠠᠷ ᠤᠨ ᠠᠵᠤ ᠠᠬᠤᠢ ᠶᠠᠭᠠᠬᠢᠭᠠᠳ ᠡᠶᠢᠮᠦ ᠬᠥᠮᠥᠨ ᠤ ᠠᠩᠬᠠᠷᠤᠯ ᠢ ᠲᠠᠲᠠᠵᠤ ᠪᠠᠶᠢᠬᠤ ᠪᠣᠢ︖ ᠶᠠᠮᠠᠷ ᠨᠢᠭᠡᠨ ᠤᠳᠬ᠎ᠠ ᠶᠢᠨ ᠲᠠᠯ᠎ᠠ ᠠᠴᠠ ᠠᠪᠴᠤ ᠬᠡᠯᠡᠪᠡᠯ ᠂ ᠢᠢᠮᠦᠷᠬᠦᠦ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠬᠡᠯᠪᠡᠷᠢ ᠨᠢ ᠬᠦᠮᠦᠰ ᠤᠨ ᠰᠡᠳᠬᠢᠨ ᠪᠣᠳᠣᠬᠤ ᠵᠠᠭᠠᠭ ᠢ ᠥᠷᠭᠡᠳᠬᠡᠵᠦ ᠂ ᠢᠷᠡᠭᠡᠳᠦᠢ ᠶᠢᠨ ᠬᠥᠭᠵᠢᠯᠲᠡ ᠶᠢᠨ ᠲᠤᠬᠠᠢ ᠵᠢᠷᠤᠭ ᠳᠦᠷᠰᠦ ᠶᠢ ᠵᠢᠷᠤᠭᠯᠠᠵᠤ ᠂ ᠬᠦᠮᠦᠰ ︽ᠳᠠᠯᠠᠪᠴᠢ ᠳᠡᠭᠡᠷᠡᠬᠢ ᠳᠤᠮᠳᠠᠳᠤ ᠤᠯᠤᠰ︾ ᠢ ᠬᠦᠰᠡᠨ ᠬᠦᠯᠢᠶᠡᠵᠦ ᠪᠠᠶᠢᠨ᠎ᠠ ᠃  ᠳᠤᠤᠷ᠎ᠠ ᠠᠭᠠᠷ ᠤᠨ ᠠᠵᠤ ᠠᠬᠤᠶ ᠶᠡᠷᠦ ᠳᠡᠭᠡᠨ ᠵᠥᠪ ᠳᠣᠤᠷ᠎ᠠ ᠲᠠᠯ᠎ᠠ ᠶᠢᠨ ᠭᠠᠵᠠᠷ ᠤᠨ ᠭᠠᠳᠠᠷᠭᠤ ᠶᠢᠨ ᠡᠭᠴᠡ ᠵᠠᠶ 1000 ᠮᠧᠲᠷ ᠠᠴᠠ ᠳᠣᠷᠣᠭᠰᠢ ︵ᠬᠡᠷᠡᠭᠯᠡᠭᠡᠨ ᠤ ᠬᠡᠷᠡᠭᠴᠡᠭᠡ ᠶᠢ ᠦᠨᠳᠦᠰᠦᠯᠡᠨ 3000 ᠮᠧᠲᠷ ᠬᠦᠷᠲᠡᠯ᠎ᠡ ᠥᠷᠭᠡᠳᠬᠡᠵᠦ ᠪᠣᠯᠤᠨ᠎ᠠ︶ ᠠᠭᠠᠷ ᠤᠨ ᠣᠷᠣᠨ ᠳᠣᠲᠣᠷ᠎ᠠ ᠂ ᠬᠥᠮᠦᠨ ᠪᠠᠶᠢᠬᠤ ᠪᠠ ᠬᠥᠮᠦᠨ ᠦᠭᠡᠶ ᠠᠭᠠᠷ ᠤᠨ ᠨᠢᠰᠦᠭᠦᠷ ᠵᠢᠴᠢ ᠲᠤᠰᠠᠯᠠᠬᠤ ᠠᠵᠢᠯ ᠤᠨ ᠲᠥᠬᠦᠭᠡᠷᠦᠮᠵᠢ ᠪᠠᠷ ᠠᠴᠢᠶᠠᠯᠠᠪᠤᠷᠢ ᠪᠣᠯᠭᠠᠵᠤ ᠂ ᠳᠣᠤᠷ᠎ᠠ ᠠᠭᠠᠷ ᠤᠨ ᠣᠷᠣᠨ ᠵᠢᠴᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠡᠬᠢ ᠪᠠᠶᠠᠯᠢᠭ ᠵᠡᠷᠭᠡ ᠰᠢᠨ᠎ᠡ ᠬᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠵᠦᠢᠯ ᠳᠤ ᠲᠦᠰᠢᠭᠯᠡᠨ ᠂ ᠬᠥᠮᠦᠨ ᠲᠡᠭᠡᠭᠡᠬᠦ ᠂ ᠪᠠᠷᠠᠭ᠎ᠠ ᠠᠴᠢᠶᠠᠯᠠᠬᠤ ᠵᠢᠴᠢ ᠪᠤᠰᠤᠳ ᠠᠵᠢᠯ ᠵᠡᠷᠭᠡ ᠣᠯᠠᠨ ᠵᠦᠢᠯ ᠤᠨ ᠠᠬᠤᠶ ᠪᠠᠶᠢᠳᠠᠯ ᠤᠨ ᠳᠣᠤᠷ᠎ᠠ ᠨᠢᠰᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ ᠂ ᠬᠠᠮᠢᠶ᠎ᠠ ᠪᠦᠬᠦᠢ ᠬᠦᠷᠢᠶᠡᠨ ᠤ ᠠᠭᠤᠰᠤᠯᠴᠠᠨ ᠬᠥᠭᠵᠢᠬᠦ ᠶᠢ ᠳᠠᠶᠢᠴᠢᠯᠠᠬᠤ ᠶᠡᠷᠦᠩᠬᠡᠶᠢᠯᠡᠭᠰᠡᠨ ᠠᠵᠤ ᠠᠬᠤᠶ ᠶᠢᠨ ᠬᠡᠯᠪᠡᠷᠢ ᠪᠠᠶᠢᠳᠠᠯ ᠢ ᠳᠠᠶᠢᠴᠢᠯᠠᠨ᠎ᠠ ᠃  ᠠᠵᠤ ᠠᠬᠤᠢ ᠶᠢᠨ ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ ᠂ ᠳᠣᠣᠷ᠎ᠠ ᠠᠭᠠᠷ ᠤᠨ ᠠᠵᠤ ᠠᠬᠤᠢ ᠨᠢ ᠶᠠᠭ ᠡᠯ᠎ᠡ ᠠᠵᠢᠯ ᠲᠥᠷᠥᠯ ᠳᠤ ᠥᠷᠭᠡᠨ ᠢᠶᠠᠷ ᠡᠨᠧᠷᠭᠢ ᠣᠯᠭᠤᠵᠤ ᠂ ᠭᠠᠵᠠᠷ ᠳᠡᠭᠡᠷᠡᠬᠢ ᠤᠯᠠᠮᠵᠢᠯᠠᠯᠲᠤ ᠠᠵᠤ ᠦᠢᠯᠡᠰ ᠲᠤ ᠵᠡᠷᠭᠡᠴᠡᠭᠡ ᠂ ᠬᠠᠷᠢᠯᠴᠠᠨ ᠠᠬᠢᠭᠤᠯᠬᠤ ᠳᠣᠣᠷ᠎ᠠ ᠠᠭᠠᠷ ᠤᠨ ᠣᠷᠣᠨ ᠵᠠᠢ ᠶᠢ ᠨᠡᠭᠡᠭᠡᠵᠦ ᠥᠭᠴᠡᠢ ᠃ ᠨᠡᠩ ᠣᠯᠠᠨ ᠬᠥᠮᠥᠨ ᠦᠭᠡᠢ ᠨᠢᠰᠬᠡᠯ ᠪᠠᠷᠠᠭ᠎ᠠ ᠶᠢ ᠲᠡᠭᠡᠭᠡᠵᠦ ᠬᠦᠷᠭᠡᠬᠦ ᠂ ᠵᠠᠮ ᠂ ᠤᠷᠭᠤᠮᠠᠯ ᠢ ᠬᠠᠮᠠᠭᠠᠯᠠᠬᠤ ᠠᠵᠢᠯ ᠬᠢᠵᠦ ᠪᠠᠶᠢᠨ᠎ᠠ ᠁    ᠠᠯᠢ ᠣᠯᠠᠨ ᠬᠡᠷᠡᠭᠯᠡᠭᠡᠨ ᠤ ᠲᠠᠯᠠᠪᠤᠷ ᠨᠢ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠣᠷᠣᠨ ᠵᠠᠶ ᠶᠢ ᠨᠡᠭᠡᠭᠡᠪᠡ ᠃ ᠠᠷᠠᠣᠠ ᠤᠨ ᠠᠮᠢᠲᠣᠷᠠᠯ ᠢ ᠰᠠᠶᠢᠵᠢᠷᠠᠭᠤᠯᠬᠤ ᠲᠠᠯ᠎ᠠ ᠠᠴᠠ ᠣᠢᠵᠠᠪᠡᠯ ᠂ ᠳᠣᠣᠷ᠎ᠠ ᠠᠭᠠᠷ ᠤᠨ ᠠᠵᠤ ᠠᠬᠤᠢ ᠨᠢ ᠠᠷᠠᠣᠠ ᠤᠨ ᠠᠮᠢᠲᠣᠷᠠᠯ ᠤᠨ ᠠᠵᠠ ᠵᠢᠷᠭᠠᠯ ᠢ ᠨᠡᠮᠡᠭᠳᠡᠭᠦᠯᠵᠦ ᠂ ᠠᠷᠠᠣᠠ ᠣᠯᠠᠨ ᠤ ᠰᠠᠶᠢᠠ ᠰᠠᠶᠢᠬᠠᠨ ᠠᠮᠢᠲᠣᠷᠠᠯ ᠤᠨ ᠬᠡᠷᠡᠭᠴᠡᠭᠡ ᠶᠢ ᠬᠠᠩᠭᠠᠬᠤ ᠪᠤᠯᠣᠨ᠎ᠠ ᠃ ᠳᠤᠤᠷ᠎ᠠ ᠠᠭᠠᠷ ᠤᠨ ᠠᠵᠤ ᠠᠬᠤᠶ ᠨᠢ ᠬᠥᠮᠦᠨ ᠲᠥᠷᠥᠯᠬᠢᠲᠡᠨ ᠤ ᠬᠥᠬᠡ ᠣᠭᠲᠠᠷᠭᠤᠶ ᠶᠢ ᠬᠥᠭᠡᠭᠡᠴᠡᠯᠳᠦᠬᠦ ᠪᠠ ᠬᠠᠶᠢᠨ ᠰᠦᠪᠡᠭᠴᠢᠯᠡᠯ ᠢ ᠲᠤᠰᠬᠠᠵᠤ ᠂ ᠬᠥᠮᠦᠨ ᠲᠥᠷᠥᠯᠬᠢᠲᠡᠨ ᠤ ᠭᠠᠳᠠᠭᠰᠢ ᠭᠠᠷᠬᠤ ᠷᠠᠳᠢᠦ᠋ᠰ ᠢ ᠨᠠᠩ ᠶᠡᠭᠡ ᠤᠷᠲᠤᠳᠬᠠᠯ ᠲᠠᠢ ᠪᠣᠯᠭᠠᠵᠤ ᠂ ᠥᠨᠳᠥᠷ ᠣᠭᠲᠠᠷᠭᠤᠶ ᠪᠣᠯᠤᠨ ᠭᠠᠵᠠᠷ ᠳᠡᠭᠡᠷᠡᠬᠢ ᠵᠠᠮ ᠬᠠᠷᠢᠯᠴᠠᠭᠠᠨ ᠤ ᠬᠤᠭᠤᠷᠣᠨᠳᠣᠬᠢ ᠬᠤᠭᠤᠰᠣᠨ ᠣᠷᠣᠨ ᠢ ᠨᠥᠬᠦᠪᠥᠷᠢᠯᠡᠵᠦ ᠂ ︽ᠭᠠᠵᠠᠷ ᠤᠨ ᠭᠠᠳᠠᠷᠭᠤ — ᠳᠣᠤᠷ᠎ᠠ ᠠᠭᠠᠷ — ᠥᠨᠳᠥᠷ ᠠᠭᠠᠷ︾ ᠭᠤᠷᠪᠠᠨ ᠬᠡᠮᠵᠢᠯᠳᠦ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠠᠶᠠᠯᠠᠯ ᠤᠨ ᠰᠢᠰᠲ᠋ᠧᠮ ᠢ ᠪᠦᠷᠢᠯᠳᠦᠭᠦᠯᠵᠦ ᠂ ᠣᠬᠤᠷ ᠳᠤᠮᠳᠠ ᠵᠠᠶ ᠶᠢᠨ ᠭᠠᠳᠠᠭᠰᠢ ᠭᠠᠷᠬᠤ ᠳᠤ ᠰᠢᠨ᠎ᠡ ᠶᠢ ᠡᠭᠦᠳᠬᠦ ᠲᠥᠰᠦᠯ ᠬᠠᠩᠭᠠᠪᠠ ᠃ ᠠᠭᠠᠷ ᠤᠨ ᠠᠵᠤ ᠠᠬᠤᠶ ᠪᠠᠰᠠ ᠠᠭᠠᠷ ᠤᠨ ᠵᠢᠭᠤᠯᠴᠢᠯᠠᠯ ᠂ ᠠᠭᠠᠷ ᠤᠨ ᠵᠤᠭ᠎ᠠ ᠴᠡᠩᠭᠡᠯ ᠵᠡᠷᠭᠡ ᠠᠯᠢ ᠣᠯᠠᠨ ᠰᠢᠨ᠎ᠡ ᠪᠠᠷ ᠬᠥᠭᠵᠢᠭᠰᠡᠨ ᠵᠤᠭ᠎ᠠ ᠴᠡᠩᠭᠡᠯ ᠤᠨ ᠡᠵᠡᠩᠨᠡᠯᠲᠡ ᠶᠢᠨ ᠬᠡᠯᠪᠡᠷᠢ ᠶᠢ ᠪᠣᠶ ᠪᠣᠯᠭᠠᠵᠤ ᠂ ᠰᠢᠨ᠎ᠡ ᠰᠡᠪᠡᠭᠦᠨ ᠰᠡᠯᠡᠭᠦᠴᠡᠯ ᠤᠨ ᠣᠶᠢᠯᠠᠭᠠᠯᠲᠠ ᠶᠢ ᠬᠠᠩᠭᠠᠪᠠ ᠃ ᠡᠭᠦᠨ ᠠᠴᠠ ᠭᠠᠳᠠᠨ᠎ᠠ ᠂ ᠳᠤᠤᠷ᠎ᠠ ᠠᠭᠠᠷ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠂ ᠳᠤᠤᠷ᠎ᠠ ᠠᠭᠠᠷ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ ᠰᠢᠨ᠎ᠡ ᠬᠡᠯᠪᠡᠷᠢ ᠶᠢᠨ ᠣᠯᠠᠨ ᠨᠡᠶᠢᠲᠡ ᠶᠢᠨ ᠦᠢᠯᠡᠴᠢᠯᠡᠭᠡ ᠲᠦᠷᠭᠡᠨ ᠬᠥᠭᠵᠢᠵᠦ ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠵᠤ ᠬᠢᠬᠦ ᠴᠢᠳᠠᠪᠤᠷᠢ ᠬᠢᠭᠡᠳ ᠡᠮ ᠡᠮᠨᠡᠯᠭᠡ ᠶᠢᠨ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ ᠂ ᠬᠥᠮᠦᠰ ᠤᠨ ᠠᠮᠢᠳᠤᠷᠠᠯ ᠤᠨ ᠶᠠᠰᠤ ᠴᠢᠨᠠᠷ ᠬᠢᠭᠡᠳ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ ᠃  ᠳᠤᠤᠷ᠎ᠠ ᠠᠭᠠᠷ ᠤᠨ ᠠᠵᠤ ᠠᠬᠤᠶ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠨᠢᠭᠡᠨ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ ᠳᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠶ ᠠᠭᠤᠰᠤᠯᠴᠠᠭᠤᠯᠵᠤ ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠡᠭᠦᠳᠴᠦ ᠂ ︽ᠵᠢᠭᠦᠷ ᠳᠡᠭᠡᠷᠡᠬᠢ ᠳᠤᠮᠳᠠᠳᠤ ᠤᠯᠤᠰ︾ ᠲᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠃ ᠳᠣᠣᠷ᠎ᠠ ᠠᠭᠠᠷ ᠤᠨ ᠠᠵᠤ ᠠᠬᠤᠢ ᠲᠤᠭ᠎ᠠ ᠪᠠᠷᠢᠮᠲᠠ ᠶᠢᠨ ᠡᠯᠧᠮᠧᠨ᠋ᠲ ᠤᠨ ᠬᠡᠷᠡᠭᠯᠡᠭᠡᠨ ᠤ ᠵᠠᠭᠠᠭ ᠬᠢᠵᠠᠭᠠᠷ ᠢ ᠥᠷᠭᠡᠳᠬᠡᠵᠦ ᠂ ᠰᠢᠨ᠎ᠡ ᠶᠢ ᠡᠭᠦᠳᠬᠦ ᠴᠢᠨᠠᠷᠲᠠᠢ ᠪᠠᠷ ᠳᠣᠣᠷ᠎ᠠ ᠠᠭᠠᠷ ᠤᠨ ᠣᠷᠣᠨ ᠵᠠᠢ ᠶᠢ ᠠᠰᠢᠭᠯᠠᠨ ᠦᠢᠯᠡᠳᠪᠦᠷᠢᠯᠡᠯ ᠤᠨ ᠰᠢᠨ᠎ᠡ ᠡᠯᠧᠮᠧᠨ᠋ᠲ ᠪᠣᠯᠤᠭᠰᠠᠨ ᠤ ᠬᠤᠪᠢ ᠳᠤ ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ ᠡᠯᠧᠮᠧᠨ᠋ᠲ ᠢ ᠭᠦᠨᠵᠡᠭᠡᠢ ᠨᠡᠭᠡᠭᠡᠨ ᠬᠥᠭᠵᠢᠭᠦᠯᠬᠦ ᠪᠠ ᠥᠨᠳᠥᠷ ᠪᠦᠲᠦᠮᠵᠢᠲᠡᠢ ᠠᠰᠢᠭᠯᠠᠬᠤ ᠶᠢ ᠪᠡᠶᠡᠯᠡᠭᠦᠯᠵᠦ ᠂ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠳᠤ ᠬᠥᠭᠵᠢᠯᠲᠡ ᠶᠢᠨ ᠰᠢᠨ᠎ᠡ ᠣᠷᠣᠨ ᠵᠠᠢ ᠂ ᠰᠢᠨ᠎ᠡ ᠵᠠᠭᠪᠤᠷ ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠨᠡᠭᠡᠭᠡᠨ ᠥᠭᠴᠡᠢ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠂ ᠳᠣᠣᠷ᠎ᠠ ᠠᠭᠠᠷ ᠤᠨ ᠠᠵᠤ ᠠᠬᠤᠢ ᠶᠢᠨ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ ᠂ ᠠᠭᠠᠷ ᠠᠶᠠᠯᠠᠯ ᠤᠨ ᠮᠡᠷᠭᠡᠵᠢᠯ ᠬᠢᠭᠡᠳ ᠮᠡᠳᠡᠭᠡ ᠵᠠᠩᠭᠢ ᠬᠤᠯᠪᠣᠭ᠎ᠠ ᠂ ᠰᠢᠨ᠎ᠡ ᠡᠨᠧᠷᠭᠢ ᠂ ᠮᠠᠲ᠋ᠧᠷᠢᠶᠠᠯ ᠤᠨ ᠰᠢᠨᠵᠢᠯᠡᠬᠦ ᠤᠬᠠᠭᠠᠨ ᠵᠡᠷᠭᠡ ᠬᠤᠰᠢᠭᠤᠷᠠᠯ ᠮᠡᠷᠭᠡᠵᠢᠯ ᠤᠨ ᠣᠷᠭᠠᠨᠢᠭ ᠠᠭᠤᠰᠤᠯᠴᠠᠯ ᠢ ᠶᠡᠬᠡᠪᠡᠷ ᠠᠬᠢᠭᠤᠯᠬᠤ ᠶᠢᠨ ᠬᠠᠮᠲᠤ ᠴᠢᠮᠡᠭᠡ ᠬᠤᠯᠪᠣᠭᠠᠨ ᠤ ᠮᠡᠳᠡᠷᠡᠬᠦ ᠂ ᠪᠤᠳᠤᠬᠤ ᠰᠦᠯᠵᠢᠶᠡᠨ ᠤ ᠠᠭᠤᠰᠤᠯᠴᠠᠯ ᠂ ᠠᠦ᠋ᠲ᠋ᠣ᠋ ᠵᠢᠯᠣᠭᠤᠳᠬᠤ ᠂ ᠪᠦᠯᠦᠭᠯᠡᠯ ᠢ ᠬᠠᠮᠵᠢᠯᠴᠠᠬᠤ ᠵᠡᠷᠭᠡ ᠭᠤᠣᠯᠳᠠᠯᠭ᠎ᠠ ᠲᠠᠢ ᠮᠡᠷᠭᠡᠵᠢᠯ ᠤᠨ ᠦᠶ᠎ᠡ ᠤᠯᠠᠷᠢᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ ᠃ ᠠᠵᠤ ᠦᠢᠯᠡᠰ ᠤᠨ ᠰᠢᠨ᠎ᠡ ᠶᠢ ᠡᠭᠦᠳᠬᠦ ᠲᠠᠯ᠎ᠠ ᠪᠠᠷ ᠂ ᠳᠣᠣᠷ᠎ᠠ ᠠᠭᠠᠷ ᠤᠨ ᠠᠵᠤ ᠠᠬᠤᠢ ᠨᠢ ᠰᠢᠨ᠎ᠡ ᠬᠡᠯᠪᠡᠷᠢ ᠶᠢᠨ ᠳᠣᠣᠷ᠎ᠠ ᠠᠭᠠᠷ ᠤᠨ ᠲᠣᠨᠣᠭᠯᠠᠯ ᠂ ᠰᠢᠨ᠎ᠡ ᠬᠡᠯᠪᠡᠷᠢ ᠶᠢᠨ ᠳᠣᠣᠷ᠎ᠠ ᠠᠭᠠᠷ ᠤᠨ ᠤᠶᠤᠨᠴᠢ ᠲᠣᠣᠷᠵᠢᠯ ᠤᠨ ᠬᠤᠯᠪᠣᠭᠠᠯᠠᠭᠰᠠᠨ ᠲᠥᠬᠦᠭᠡᠷᠦᠮᠵᠢ ᠂ ᠳᠣᠣᠷ᠎ᠠ ᠠᠭᠠᠷ ᠤᠨ ᠣᠷᠣᠨ ᠪᠦᠰᠡ ᠶᠢᠨ ᠬᠠᠮᠢᠶᠠᠷᠤᠯᠲᠠ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠬᠤ ᠪᠠ ᠬᠥᠭᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠵᠤ ᠂ ᠵᠢᠯᠣᠭᠤᠴᠢ ᠦᠭᠡᠢ ᠮᠠᠰᠢᠨ ᠵᠡᠷᠭᠡ ᠠᠵᠤ ᠦᠢᠯᠡᠰ ᠨᠢ ᠬᠡᠷᠡᠭᠯᠡᠭᠡᠨ ᠤ ᠵᠠᠬ᠎ᠠ ᠳᠡᠯᠭᠡᠭᠦᠷ ᠠᠴᠠ ᠲᠤᠰᠬᠠᠢ ᠮᠡᠷᠭᠡᠵᠢᠯ ᠤᠨ ᠬᠦᠷᠢᠶᠡᠨ ᠳᠤ ᠬᠡᠷᠡᠭᠯᠡᠭᠡᠨ ᠤ ᠨᠡᠪᠴᠢᠯᠲᠡ ᠶᠢ ᠲᠦᠷᠭᠡᠳᠬᠡᠵᠦ ᠂ ᠠᠵᠤ ᠦᠢᠯᠡᠰ ᠤᠨ ᠲᠡᠰ ᠳᠡᠪᠰᠢᠬᠦ ᠰᠢᠨ᠎ᠡ ᠰᠡᠳᠬᠢᠴᠡ ᠶᠢ ᠨᠡᠭᠡᠭᠡᠵᠦ ᠂ ᠮᠠᠨ ᠤ ᠤᠯᠤᠰ ᠤᠨ ᠳᠠᠪᠠᠭᠤᠯᠢᠭ ᠠᠵᠤ ᠦᠢᠯᠡᠰ ᠤᠨ ᠪᠦᠬᠦ ᠪᠥᠮᠪᠥᠷᠴᠡᠭ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ ᠃  ᠡᠭᠦᠨ ᠠᠴᠠ ᠦᠵᠡᠬᠦ ᠳᠤ ᠂ ᠬᠥᠮᠥᠰ ᠤᠨ ᠳᠣᠣᠷ᠎ᠠ ᠠᠭᠠᠷ ᠤᠨ ᠠᠵᠤ ᠠᠬᠤᠢ ᠶᠢᠨ ᠲᠤᠬᠠᠢ ᠠᠩᠬᠠᠷᠤᠯ ᠪᠠ ᠬᠠᠯᠠᠭᠤᠨ ᠰᠡᠳᠬᠢᠯᠭᠡ ᠨᠢ ᠶᠣᠰᠣ ᠦᠭᠡᠢ ᠪᠢᠰᠢ ᠶᠤᠮ ᠪᠠᠶᠢᠨ᠎ᠠ ᠃ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠤᠷ᠎ᠠ ᠠᠭᠠᠷ ᠤᠨ ᠠᠵᠤ ᠠᠬᠤᠶ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠶ ᠪᠠᠷ ᠪᠣᠶ ᠪᠣᠯᠭᠠᠵᠤ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ᠲᠣᠭᠲᠠᠭᠠᠯ︾ ᠨᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠠᠬᠢᠭᠤᠯᠵᠤ ᠂ ︽ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠪᠠ ᠠᠭᠠᠷ ᠤᠨ ᠠᠵᠤ ᠠᠬᠤᠶ ᠶᠢ ᠬᠥᠭᠵᠢᠭᠦᠯᠬᠦ︾ ᠶᠢ ᠳᠤᠷᠠᠳᠴᠤ ᠂ ᠮᠠᠨ ᠤ ᠤᠯᠤᠰ ᠤᠨ ᠠᠭᠠᠷ ᠤᠨ ᠠᠵᠤ ᠠᠬᠤᠶ ᠶᠢ ᠬᠥᠭᠵᠢᠭᠦᠯᠬᠦ ᠡᠷᠡᠰ ᠵᠣᠷᠢᠭ ᠢ ᠢᠯᠡᠷᠡᠭᠦᠯᠪᠡ ᠃ ︽ᠳᠠᠯᠠᠪᠴᠢ ᠳᠡᠭᠡᠷᠡᠬᠢ ᠳᠤᠮᠳᠠᠳᠤ ᠤᠯᠤᠰ︾ ᠢ ᠬᠡᠷᠬᠢᠨ ᠡᠷᠲᠡᠬᠡᠨ ᠪᠣᠳᠠᠲᠤ ᠠᠬᠤᠢ ᠪᠣᠯᠭᠠᠬᠤ ᠪᠤᠢ︖ ᠮᠢᠨᠦ ᠪᠣᠳᠣᠬᠤ ᠪᠠᠷ ᠥᠭᠡᠷᠡᠴᠢᠯᠡᠯᠲᠡ ᠪᠠᠷ ᠳᠠᠮᠵᠢᠨ ᠬᠥᠭᠵᠢᠯᠲᠡ ᠶᠢ ᠬᠢᠵᠠᠭᠠᠷᠯᠠᠬᠤ ᠪᠠᠶᠢᠭᠤᠯᠤᠯ ᠲᠣᠭᠲᠠᠴᠠ ᠶᠢᠨ ᠡᠳᠦᠢ ᠲᠡᠳᠦᠢ ᠬᠠᠷᠰᠢ ᠰᠠᠭᠠᠳ ᠢ ᠠᠷᠢᠯᠭᠠᠬᠤ ᠬᠡᠷᠡᠭᠲᠡᠢ ᠃ ᠳᠣᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠨᠢ ᠣᠯᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠂ ᠣᠯᠠᠨ ᠠᠵᠤ ᠦᠢᠯᠡᠰ ᠤᠨ ᠭᠤᠤᠯ ᠴᠣᠭᠴᠠ ᠂ ᠣᠯᠠᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠵᠤ ᠂ ᠳᠣᠤᠷ᠎ᠠ ᠠᠭᠠᠷ ᠤᠨ ᠣᠷᠣᠨ ᠪᠦᠰᠡ ᠶᠢᠨ ᠡᠬᠢ ᠪᠠᠶᠠᠯᠢᠭ ᠤᠨ ᠡᠯᠧᠮᠧᠨ᠋ᠲ ᠢ ᠨᠡᠭᠡᠭᠡᠨ ᠠᠰᠢᠭᠯᠠᠬᠤ ᠪᠠᠷ ᠰᠢᠪᠲᠤᠯᠤᠯᠲᠠ ᠶᠢᠨ ᠴᠢᠭᠯᠡᠯ ᠪᠣᠯᠭᠠᠵᠤ ᠂ ᠳᠣᠤᠷ᠎ᠠ ᠠᠭᠠᠷ ᠤᠨ ᠬᠡᠪᠴᠢᠶᠡᠵᠢᠭᠰᠡᠨ ᠬᠡᠷᠡᠭᠯᠡᠯᠲᠡ ᠶᠢ ᠲᠤᠯᠭᠠᠭᠤᠷᠢᠯᠠᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ ᠂ ᠲᠣᠭᠠᠴᠢᠯᠠᠭᠰᠠᠨ ᠠᠮᠤᠷ ᠲᠦᠪᠰᠢᠨ ᠨᠠᠶᠢᠳᠠᠪᠤᠷᠢᠲᠠᠶ ᠬᠠᠮᠢᠶᠠᠷᠤᠨ ᠡᠵᠡᠮᠳᠡᠬᠦ ᠪᠠᠷ ᠤᠷᠢᠲᠠᠯ ᠪᠣᠯᠭᠠᠵᠤ ᠂ ᠳᠣᠤᠷ᠎ᠠ ᠠᠭᠠᠷ ᠤᠨ ᠲᠣᠨᠤᠭ ᠲᠥᠬᠦᠭᠡᠷᠦᠮᠵᠢ ᠦᠢᠯᠡᠳᠬᠦ ᠵᠢᠴᠢ ᠳᠣᠤᠷ᠎ᠠ ᠠᠭᠠᠷ ᠤᠨ ᠮᠡᠳᠡᠭᠡ ᠵᠠᠩᠭᠢ ᠴᠢᠮᠡᠭᠡ ᠬᠤᠯᠪᠣᠭ᠎ᠠ ᠪᠠᠷ ᠭᠤᠤᠯ ᠭᠠᠷᠳᠠᠴᠠ ᠪᠣᠯᠭᠠᠵᠤ ᠂ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠬᠤ ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠂ ᠮᠡᠷᠭᠡᠵᠢᠯ ᠤᠨ ᠰᠢᠨ᠎ᠡ ᠶᠢ ᠡᠭᠦᠳᠬᠦ ᠂ ᠠᠮᠢ ᠠᠬᠤᠶ ᠶᠢ ᠪᠠᠶᠢᠭᠤᠯᠬᠤ ᠪᠠᠷ ᠭᠤᠤᠯᠳᠠᠯᠭ᠎ᠠ ᠲᠠᠢ ᠴᠢᠭᠯᠡᠯ ᠪᠣᠯᠭᠠᠵᠤ ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠮᠠᠨ ᠤ ᠤᠯᠤᠰ ᠤᠨ ᠳᠣᠤᠷ᠎ᠠ ᠠᠭᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号