ᠬᠤᠲᠠ ᠶᠢᠨ ᠰᠢᠨᠡᠳᠬᠡᠯ ᠨᠢ ᠬᠤᠲᠠ ᠶᠢᠨ ᠳᠦᠷᠰᠦ ᠪᠠᠶᠢᠳᠠᠯ ᠪᠠ ᠣᠷᠣᠨ ᠰᠠᠭᠤᠴᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠳᠤ ᠬᠤᠯᠪᠣᠭᠳᠠᠬᠤ ᠴᠢᠬᠤᠯᠠ ᠭᠠᠷᠳᠠᠴᠠ ᠪᠣᠯᠤᠨ᠎ᠠ᠃ ᠮᠠᠨ ᠤ ᠤᠯᠤᠰ ᠤᠨ ᠬᠤᠲᠠ ᠶᠢᠨ | ᠬᠥᠭᠵᠢᠯᠲᠡ ᠨᠢᠭᠡᠨᠲᠡ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠵᠤ᠂ ᠶᠡᠭᠡ ᠬᠡᠪᠴᠢᠶᠡᠨ ᠤ | ᠨᠡᠮᠡᠭᠳᠡᠯ ᠤᠨ ᠪᠦᠲᠦᠭᠡᠨ ᠪᠠᠶᠢᠭᠤᠯᠤᠯᠲᠠ ᠠᠴᠠ ᠦᠯᠡᠳᠡᠭᠡᠯ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠪᠠ | ᠨᠡᠮᠡᠭᠳᠡᠯ ᠤᠨ ᠪᠦᠲᠦᠴᠡ ᠶᠢ ᠲᠣᠬᠢᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠲᠡᠶᠢᠰᠢ ᠬᠤᠪᠢᠷᠠᠭᠤᠯᠪᠠ᠃ 1 ᠳ᠋ᠦ᠋ᠭᠡᠷ | ᠰᠠᠷ᠎ᠠ ᠶᠢᠨ 3 ᠤ ᠡᠳᠦᠷ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠠᠴᠠ ᠬᠤᠲᠠ ᠶᠢᠨ ᠰᠢᠨᠡᠴᠢᠯᠡᠯᠲᠡ ᠶᠢ ᠠᠬᠢᠭᠤᠯᠬᠤ ᠠᠵᠢᠯ ᠢ ᠰᠤᠳᠤᠯᠵᠤ᠂ ᠬᠤᠲᠠ ᠪᠠᠯᠭᠠᠰᠤᠨ ᠤ ᠬᠠᠭᠤᠴᠢᠨ | ᠵᠢᠵᠢᠭ ᠲᠣᠭᠤᠷᠢᠭ᠂ ᠵᠡᠭᠡᠯᠢ ᠲᠣᠭᠤᠷᠢᠭ᠂ ᠦᠢᠯᠡᠳᠪᠦᠷᠢ ᠶᠢᠨ ᠲᠣᠭᠤᠷᠢᠭ ᠪᠠ ᠬᠤᠲᠠ ᠶᠢᠨ ᠳᠤᠮᠳᠠᠬᠢ ᠲᠣᠰᠬᠤᠨ | ᠵᠡᠷᠭᠡ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠭᠠᠵᠠᠷ ᠬᠡᠷᠡᠭᠯᠡᠬᠦ᠂ ᠪᠡᠯᠡ | ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠦᠯᠡᠳᠡᠵᠦ ᠪᠠᠶᠢᠭ᠎ᠠ ᠦᠷ᠎ᠡ ᠠᠰᠢᠭ ᠢᠶᠠᠷ | ᠳᠣᠣᠷ᠎ᠠ ᠭᠠᠵᠠᠷ ᠰᠢᠷᠣᠶ ᠶᠢ ᠠᠮᠢᠳᠤᠯᠢᠭᠵᠢᠭᠤᠯᠤᠨ ᠠᠰᠢᠭᠯᠠᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ ᠪᠡᠯᠡ ᠮᠥᠩᠭᠦ | ᠴᠤᠭᠯᠠᠭᠤᠯᠬᠤ ᠵᠠᠭᠪᠤᠷ ᠢ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠲᠠᠲᠠᠵᠤ ᠬᠤᠳᠠ ᠶᠢᠨ | ᠰᠢᠨᠡᠴᠢᠯᠡᠯᠲᠡ ᠳᠤ ᠣᠷᠣᠯᠴᠠᠭᠤᠯᠬᠤ ᠬᠡᠷᠡᠭᠲᠡᠢ᠃ | ᠠᠮᠤᠷ ᠲᠦᠪᠰᠢᠨ ᠤ ᠳᠠᠯᠳᠠ ᠭᠡᠮ ᠠᠷᠪᠢᠨ᠂ ᠣᠷᠣᠨ ᠰᠠᠭᠤᠴᠠ ᠶᠢᠨ ᠣᠷᠴᠢᠨ ᠲᠣᠭᠤᠷᠢᠨ ᠠᠨᠠᠶ᠂ | ᠰᠠᠭᠤᠭᠠᠯᠢ ᠠᠷᠠᠳ ᠢ ᠥᠭᠡᠷᠡᠴᠢᠯᠡᠬᠦ ᠬᠦᠰᠡᠯ ᠡᠷᠡᠮᠡᠯᠵᠡᠯ ᠲᠤᠯᠭᠠᠮ ᠪᠠᠶᠢᠳᠠᠭ ᠠᠴᠠ ᠬᠤᠲᠠ ᠶᠢᠨ ᠳᠣᠲᠣᠷᠠᠬᠢ | ᠲᠣᠰᠬᠤᠨ ᠢ ᠥᠭᠡᠷᠡᠴᠢᠯᠡᠨ ᠰᠢᠨᠡᠳᠭᠡᠬᠦ ᠨᠢ ᠬᠤᠲᠠ ᠶᠢᠨ ᠰᠢᠨᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠭᠰᠠᠨ | ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ | ᠵᠠᠰᠠᠭ ᠤᠨ ᠶᠠᠮᠤᠨ 2024 ᠣᠨ ᠳᠤ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠲᠤᠰᠬᠠᠶ ᠣᠷᠣᠨ ᠤ | ᠲᠠᠰ ᠤᠨ ᠬᠤᠲᠠ ᠶᠢᠨ ᠪᠠᠯᠠ ᠮᠥᠩᠭᠦ ᠶᠢᠨ ᠡᠨᠧᠷᠭᠢ ᠶᠢᠨ ᠲᠡᠩᠴᠡᠭᠦᠷᠢ᠂ ᠲᠠᠲᠠᠪᠤᠷᠢᠯᠠᠬᠤ ᠨᠥᠬᠦᠪᠥᠷᠢ ᠶᠢᠨ ᠲᠥᠰᠦᠯ | ᠪᠣᠯᠪᠠᠰᠤᠷᠠᠩᠭᠤᠶ ᠲᠥᠷᠥᠯ ᠵᠦᠢᠯ ᠢ ᠴᠥᠮ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶᠡᠨ ᠳᠤ | ᠣᠷᠣᠭᠤᠯᠵᠤ ᠪᠣᠯᠤᠨ᠎ᠠ᠃ | 2024 ᠣᠨ ᠳᠤ᠂ ᠬᠤᠳᠠ ᠶᠢᠨ ᠳᠣᠲᠣᠷᠠᠬᠢ ᠲᠣᠰᠬᠤᠨ ᠢ ᠥᠭᠡᠷᠡᠴᠢᠯᠡᠨ ᠬᠦᠷᠢᠶ᠎ᠡ ᠬᠡᠪᠴᠢᠶ᠎ᠡ ᠶᠢ 300 | ᠭᠠᠷᠤᠢ ᠬᠤᠳᠠ ᠪᠣᠯᠭᠠᠵᠤ᠂ ᠬᠤᠳᠠ ᠶᠢᠨ ᠳᠣᠲᠣᠷᠠᠬᠢ ᠲᠣᠰᠬᠤᠨ ᠢ ᠥᠭᠡᠷᠡᠴᠢᠯᠡᠨ ᠰᠠᠶᠢᠵᠢᠷᠠᠭᠤᠯᠬᠤ ᠲᠦᠷᠦᠯ | ᠵᠦᠢᠯ ᠢ 1790 ᠬᠡᠷᠡᠭᠵᠢᠭᠦᠯᠪᠡ᠃ 2025 ᠣᠨ ᠳᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠪᠠᠭᠤᠷᠠᠬᠤ ᠶᠢ ᠵᠣᠭᠰᠣᠭᠠᠨ ᠲᠣᠭᠲᠠᠭᠤᠨ ᠪᠠᠶᠢᠯᠭᠠᠬᠤ ᠶᠢ ᠦᠷᠭᠦᠯᠵᠢᠯᠡᠨ ᠬᠦᠴᠦᠯᠡᠨ ᠠᠬᠢᠭᠤᠯᠬᠤ ᠶᠢᠨ | ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ | ᠬᠤᠲᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠤᠨ ᠥᠭᠡᠷᠡᠴᠢᠯᠡᠯᠲᠡ ᠶᠢ | ᠬᠦᠴᠦᠯᠡᠨ ᠬᠡᠷᠡᠭᠵᠢᠭᠦᠯᠵᠦ᠂ ᠵᠣᠭᠤᠰᠵᠢᠭᠤᠯᠤᠨ ᠲᠥᠪᠬᠢᠨᠡᠭᠦᠯᠬᠦ ᠶᠢ ᠠᠬᠢᠭᠤᠯᠵᠤ᠂ 100 ᠲᠦᠮᠡᠨ ᠢᠵᠢ | ᠬᠤᠲᠠ ᠶᠢᠨ ᠳᠣᠲᠣᠷᠠᠬᠢ ᠲᠣᠰᠬᠤᠨ ᠢ ᠥᠭᠡᠷᠡᠴᠢᠯᠡᠨ ᠰᠢᠨᠡᠳᠭᠡᠬᠦ ᠪᠠ ᠨᠤᠷᠠᠬᠤ ᠠᠶᠤᠯᠲᠠᠶ ᠬᠠᠭᠤᠴᠢᠨ ᠬᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠰᠠᠭᠤᠷᠢᠨ ᠳᠡᠭᠡᠷ᠎ᠡ ᠥᠭᠡᠷᠡᠴᠢᠯᠡᠨ ᠰᠢᠨᠡᠳᠬᠡᠬᠦ ᠬᠡᠪᠴᠢᠶ᠎ᠡ ᠶᠢ ᠦᠷᠭᠦᠯᠵᠢᠯᠡᠨ | ᠥᠷᠭᠡᠳᠬᠡᠬᠦ ᠪᠠᠷ ᠲᠥᠯᠥᠪᠯᠡᠵᠦ ᠪᠣᠶ᠃ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠳᠦᠭᠡᠨ ᠪᠠᠶᠢᠭᠤᠯᠤᠯᠲᠠ ᠶᠢᠨ ᠰᠤᠳᠤᠯᠭᠠᠨ ᠤ ᠲᠥᠪ ᠤᠨ ᠡᠷᠬᠢᠯᠡᠭᠴᠢ ᠴᠧᠨ ᠵᠢᠶᠧ ᠠᠴᠠ᠂ ᠬᠤᠳᠠ ᠶᠢᠨ | ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠵᠤ᠂ | ᠬᠤᠳᠠ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠠᠵᠤ ᠠᠬᠤᠢ ᠶᠢᠨ ᠬᠥᠭᠵᠢᠯᠲᠡ ᠶᠢ | ᠪᠡᠶᠡᠯᠡᠭᠦᠯᠬᠦ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ | ᠭᠡᠵᠦ ᠦᠵᠡᠪᠡ︔ ᠣᠳᠣᠬᠠᠨ ᠳᠤ᠂ ᠰᠠᠭᠤᠭᠠᠯᠢ ᠠᠷᠠᠳ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠬᠡᠷᠡᠭᠯᠡᠭᠡᠨ ᠤ | ᠳᠠᠯᠳᠠ ᠬᠦᠴᠦᠨ ᠢ ᠬᠥᠭᠵᠢᠭᠡᠬᠦ᠂ ᠪᠡᠯᠡ ᠣᠷᠣᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠤᠯᠠᠨ ᠵᠦᠢᠯ ᠤᠨ | ᠦᠢᠯᠡᠳᠦᠯ ᠢ ᠰᠢᠭᠤᠳ ᠦᠵᠡᠭᠦᠯᠵᠦ ᠪᠣᠯᠤᠨ᠎ᠠ᠃ ᠲᠤᠭ᠎ᠠ ᠪᠠᠷᠢᠮᠲᠠ ᠠᠴᠠ ᠦᠵᠡᠪᠡᠯ᠂ ᠵᠥᠪᠬᠡᠨ 35 ᠲᠣᠮᠣ | ᠬᠤᠲᠠ ᠳᠤ ᠥᠭᠡᠷᠡᠴᠢᠯᠡᠬᠦ ᠴᠢᠬᠤᠯᠠ ᠲᠠᠢ ᠬᠤᠲᠠ ᠶᠢᠨ ᠳᠤᠮᠳᠠᠬᠢ ᠲᠣᠰᠬᠤᠨ ᠳᠠᠷᠤᠶ 170 ᠲᠦᠮᠡ ᠪᠠᠶᠢᠨ᠎ᠠ᠃ | ᠲᠣᠰ ᠤᠳᠠᠭᠠᠨ ᠤ ᠬᠤᠲᠠ ᠶᠢᠨ ᠳᠣᠲᠣᠷᠠᠬᠢ ᠲᠣᠰᠬᠤᠨ ᠢ ᠥᠭᠡᠷᠡᠴᠢᠯᠡᠨ ᠰᠢᠨᠡᠳᠬᠡᠬᠦ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠨᠠᠩ ᠶᠡᠭᠡ ᠬᠡᠷᠡᠭᠴᠡᠭᠡ ᠱᠠᠭᠠᠷᠳᠠᠯᠭ᠎ᠠ ᠶᠢ ᠳᠠᠶᠢᠴᠢᠯᠠᠬᠤ | ᠪᠣᠯᠤᠮᠵᠢ ᠲᠠᠢ᠃ | ᠭᠦᠸᠧ ᠬᠠᠶ ᠦᠨᠡᠲᠦ ᠲᠡᠮᠳᠡᠭᠲᠦ ᠶᠢᠨ ᠲᠡᠷᠢᠭᠦᠨ ᠠᠵᠤ ᠠᠬᠤᠶ ᠶᠢᠨ ᠤᠬᠠᠭᠠᠨᠲᠠᠨ ᠰᠢᠶᠠ ᠯᠸᠢ ᠬᠡᠯᠡᠬᠦ | ᠳᠡᠭᠡᠨ᠂ ᠰᠢᠨ᠎ᠡ ᠪᠠᠷ 100 ᠲᠦᠮᠡᠨ ᠢᠵᠢ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠢᠨᠡᠳᠭᠡᠬᠦ ᠪᠠ | ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠬᠦ ᠲᠥᠯᠥᠪᠯᠡᠭᠡ ᠶᠢ ᠰᠢᠨ᠎ᠡ ᠪᠠᠷ | ᠨᠡᠮᠡᠭᠳᠡᠭᠦᠯᠬᠦ ᠪᠠᠷ ᠪᠣᠳᠣᠪᠠᠯ᠂ ᠵᠣᠭᠤᠰ ᠢᠶᠠᠷ ᠲᠥᠪᠬᠢᠨᠡᠭᠦᠯᠪᠡᠯ 2 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ | ᠲᠠᠸᠠᠷ ᠤᠨ ᠭᠡᠷ ᠪᠠᠶᠢᠰᠢᠩ ᠢ ᠳᠠᠶᠢᠴᠢᠯᠠᠬᠤ ᠪᠣᠯᠤᠨ᠎ᠠ᠃ ᠬᠤᠲᠠ ᠶᠢᠨ ᠳᠣᠲᠣᠷᠠᠬᠢ ᠲᠣᠰᠬᠤᠨ ᠤ ᠣᠷᠣᠨ ᠪᠦᠰᠡ ᠶᠢᠨ | ᠭᠠᠵᠠᠷ ᠰᠢᠷᠣᠶ ᠶᠢᠨ ᠲᠥᠯᠥᠪᠵᠢᠭᠦᠯᠭᠡ ᠶᠢᠨ ᠨᠥᠬᠦᠴᠡᠯ ᠢ ᠵᠦᠢ ᠵᠣᠬᠢᠰᠲᠠᠶ ᠲᠣᠬᠢᠷᠠᠭᠤᠯᠤᠭᠰᠠᠨ ᠤ ᠳᠠᠷᠠᠭ᠎ᠠ᠂ ᠪᠠᠰᠠ | ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠩ ᠰᠠᠶᠢᠲᠤᠷ ᠵᠣᠬᠢᠴᠠᠵᠤ᠂ ᠤᠭ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠳᠠᠶᠢᠴᠢᠯᠠᠭᠠᠳ 5000 ᠳ᠋ᠦᠩᠰᠢᠭᠤᠷ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ | ᠳᠠᠶᠢᠴᠢᠯᠠᠵᠤ ᠴᠢᠳᠠᠨ᠎ᠠ᠃ | ᠬᠤᠲᠠ ᠶᠢᠨ ᠳᠤᠲᠤᠷᠠᠬᠢ ᠲᠣᠰᠬᠤᠨ ᠢ ᠥᠭᠡᠷᠡᠴᠢᠯᠡᠬᠦ ᠪᠣᠯ ᠨᠢᠭᠡᠨ ᠪᠤᠳᠤᠯᠢᠶᠠᠨᠲᠠᠶ ᠮᠥᠷᠲᠡᠭᠡᠨ ᠬᠠᠲᠠᠭᠤ | ᠪᠡᠷᠬᠡᠰᠢᠶᠡᠯᠲᠡᠶ ᠰᠢᠰᠲ᠋ᠧᠮᠲᠦ ᠢᠨᠵᠧᠨᠧᠷᠢᠩ ᠪᠣᠯᠬᠤᠷ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠬᠤ ᠬᠡᠷᠡᠭᠲᠡᠶ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠵᠤᠷᠭᠠᠨ | ᠲᠣᠪᠴᠢᠶᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠨᠥᠬᠦᠴᠡᠯ ᠳᠤ ᠨᠡᠶᠢᠴᠡᠬᠦ ᠬᠤᠲᠠ ᠶᠢᠨ | ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢᠨ ᠲᠥᠷᠥᠯ ᠵᠦᠢᠯ ᠨᠢ ᠴᠥᠮ ᠲᠥᠷᠥ ᠶᠢᠨ ᠪᠣᠳᠣᠯᠭ᠎ᠠ ᠶᠢᠨ ᠳᠡᠮᠵᠢᠯᠭᠡ | ᠣᠯᠵᠤ ᠪᠣᠯᠤᠨ᠎ᠠ᠃ ᠡᠭᠦᠨ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠬᠤ ᠶᠢ ᠪᠠᠭᠲᠠᠭᠠᠵᠤ᠂ ᠨᠡᠭᠡᠭᠡᠨ ᠬᠥᠭᠵᠢᠭᠦᠯᠬᠦ ᠴᠢᠨᠠᠷᠲᠠᠶ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠤᠲᠠ ᠶᠢᠨ ᠳᠣᠲᠣᠷᠠᠬᠢ | ᠲᠣᠰᠬᠤᠨ ᠤ ᠥᠭᠡᠷᠡᠴᠢᠯᠡᠯᠲᠡ ᠶᠢᠨ ᠲᠤᠰᠬᠠᠶ ᠵᠦᠢᠯ ᠤᠨ ᠵᠢᠭᠡᠯᠡᠯᠭᠡ ᠬᠠᠩᠭᠠᠵᠤ᠂ ᠬᠤᠯᠪᠣᠭᠳᠠᠯ ᠪᠦᠬᠦᠢ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠵᠦ᠂ ᠬᠤᠳᠠᠯᠳᠤᠭᠠᠨ ᠤ | ᠪᠠᠩᠬᠢ ᠶᠢᠨ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ ᠬᠤᠲᠠ ᠶᠢᠨ ᠳᠣᠲᠣᠷᠠᠬᠢ | ᠲᠣᠰᠬᠤᠨ ᠤ ᠥᠭᠡᠷᠡᠴᠢᠯᠡᠯᠲᠡ ᠶᠢᠨ ᠵᠢᠭᠡᠯᠡᠯᠭᠡ ᠵᠡᠷᠭᠡ ᠶᠢ ᠬᠠᠩᠭᠠᠵᠤ᠂ ᠲᠥᠷᠥᠯ ᠵᠦᠢᠯ ᠤᠨ ᠤᠷᠤᠭᠰᠢᠲᠠᠶ | ᠠᠬᠢᠬᠤ ᠶᠢ ᠦᠨᠡᠨ ᠬᠦ ᠪᠠᠲᠤᠯᠠᠨ᠎ᠠ᠃ | ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ | ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠶ ᠰᠢᠶᠣᠤ ᠹᠧᠨ | ᠬᠡᠯᠡᠬᠦ ᠳᠤ ᠪᠠᠨ᠂ ᠡᠨᠡ ᠤᠳᠠᠭᠠᠨ ᠤ ᠮᠡᠳᠡᠭᠳᠡᠯ ᠳᠤ ᠡᠯ᠎ᠡ ᠭᠠᠵᠠᠷ ᠤᠨ ᠬᠢᠨ ︽ᠨᠢᠭᠡ ᠲᠥᠷᠥᠯ ᠵᠦᠢᠯ ᠬᠤᠶᠠᠷ | ᠲᠥᠰᠦᠯ︾ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠂ ᠲᠤᠬᠠᠶᠢᠯᠠᠪᠠᠯ ᠲᠥᠷᠥᠯ ᠵᠦᠢᠯ | ᠨᠢᠭᠡᠪᠦᠷᠢ ᠳᠤ ᠴᠥᠮ ᠪᠦᠷᠢᠨ ᠲᠥᠬᠦᠷ ᠲᠠᠲᠠᠪᠤᠷᠢᠯᠠᠬᠤ ᠨᠥᠬᠦᠪᠥᠷᠢ ᠶᠢᠨ ᠲᠥᠰᠦᠯ᠂ ᠪᠡᠯᠡ ᠮᠥᠩᠭᠦ ᠶᠢ | ᠲᠡᠩᠴᠡᠭᠦᠷᠢᠲᠡᠶ ᠪᠠᠶᠢᠯᠭᠠᠬᠤ ᠲᠥᠰᠦᠯ ᠵᠡᠷᠭᠡ ᠶᠢ ᠲᠣᠭᠲᠠᠭᠠᠵᠤ᠂ ᠲᠥᠷᠥᠯ ᠵᠦᠢᠯ ᠤᠨ ᠨᠥᠬᠦᠴᠡᠯ ᠪᠦᠷᠢᠯᠳᠦᠬᠦ ᠶᠢ | ᠳᠠᠬᠢᠨ ᠡᠬᠢᠯᠡᠭᠦᠯᠦᠨ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡᠨ ᠤ ᠠᠶᠤᠯ ᠲᠦᠭᠰᠢᠭᠦᠷᠢ ᠠᠴᠠ ᠵᠠᠶᠢᠯᠠᠰᠬᠢᠵᠦ᠂ ᠲᠠᠲᠠᠪᠤᠷᠢᠯᠠᠬᠤ ᠠᠵᠢᠯ ᠤᠨ ᠤᠷᠤᠭᠰᠢᠲᠠᠶ | ᠠᠬᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ | ᠬᠡᠷᠡᠭᠲᠡᠶ ᠭᠡᠵᠦ ᠱᠠᠭᠠᠷᠳᠠᠪᠠ᠃ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ | ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠯ᠎ᠡ ᠭᠠᠵᠠᠷ ᠤᠨ ᠬᠢᠨ ᠲᠤᠬᠠᠶ ᠶᠢᠨ | ᠭᠠᠵᠠᠷ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ᠂ | ᠲᠠᠸᠠᠷ ᠤᠨ ᠭᠡᠷ ᠪᠠᠶᠢᠰᠢᠩ ᠤᠨ ᠬᠠᠳᠠᠭᠠᠯᠠᠯᠲᠠ ᠶᠢᠨ ᠬᠡᠮᠵᠢᠶ᠎ᠡ ᠪᠠ ᠨᠡᠮᠡᠭᠳᠡᠯ ᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠬᠤᠲᠠ ᠶᠢᠨ ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢ ᠵᠤᠭᠤᠰᠵᠢᠭᠤᠯᠤᠨ ᠲᠥᠪᠬᠢᠨᠡᠭᠦᠯᠬᠦ ᠶᠢ | ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠵᠡᠶ᠃ ᠡᠨᠡ ᠨᠢ ᠣᠯᠠᠨ ᠲᠦᠮᠡᠨ ᠤ ᠬᠡᠷ ᠪᠠᠶᠢᠰᠢᠩ ᠰᠣᠩᠭᠤᠬᠤ᠂ ᠣᠷᠣᠨ | ᠪᠠᠶᠢᠷᠢ ᠰᠣᠩᠭᠤᠬᠤ ᠵᠡᠷᠭᠡ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠣᠯᠠᠨ ᠲᠦᠮᠡᠨ ᠤ ᠭᠠᠳᠠᠭᠰᠢ ᠰᠢᠯᠵᠢᠬᠦ | ᠴᠠᠭ ᠢ ᠪᠣᠭᠤᠨᠢᠰᠬᠠᠵᠤ᠂ ᠰᠠᠭᠤᠭᠠᠯᠢ ᠠᠷᠠᠳ ᠢ ᠡᠷᠲᠡᠬᠡᠨ ᠰᠢᠨ᠎ᠡ ᠬᠡᠷ ᠪᠠᠶᠢᠰᠢᠩ ᠳᠤ ᠰᠠᠭᠤᠯᠭᠠᠬᠤ ᠪᠣᠯᠤᠨ᠎ᠠ᠃ | |